11 ᠳ᠋ᠦ᠍ᠭᠡᠷ ᠰᠠᠷ᠎ᠠ ᠵᠢᠨ 10᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠫᠠᠢ᠌ᠰᠠ᠎ᠪᠠᠨ ᠵᠢᠩᠬᠢᠨᠢ᠎ᠪᠠᠨ ᠡᠯᠭᠦᠵᠦ᠂ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ ᠰᠢᠨ᠎ᠡ ᠠᠶᠠᠨ ᠵᠶ᠋ᠠᠨ ᠡᠬᠢᠯᠡᠭᠦᠯᠵᠦ᠂ ᠰᠢᠨ᠎ᠡ ᠠᠯᠬᠤᠮ ᠠᠯᠬᠤᠭᠰᠠᠨ᠎ᠢ ᠬᠠᠷᠠᠭᠤᠯᠵᠤ ᠪᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠪᠣᠤ ᠭᠠᠩ ᠫᠠᠢ᠌ᠰᠠ ᠡᠯᠭᠦᠬᠦ ᠶᠣᠰᠣᠯᠠᠯ᠎ᠳᠤ ᠣᠷᠣᠯᠴᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠫᠠᠢ᠌ᠰᠠ ᠡᠯᠭᠦᠬᠦ ᠶᠣᠰᠣᠯᠠᠯ᠎ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠰᠦᠨ ᠯᠢ ᠵᠢᠶᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠳᠡᠳ᠋ ᠭᠠᠵᠠᠷ᠎ᠤᠨ ᠳᠡᠰ᠎ᠠᠴᠠ ᠳᠡᠭᠡᠭᠰᠢᠬᠢ ᠺᠠᠳ᠋ᠷᠴᠤᠳ ᠫᠠᠢ᠌ᠰᠠ ᠡᠯᠭᠦᠬᠦ ᠶᠣᠰᠣᠯᠠᠯ᠎ᠳᠤ ᠣᠷᠣᠯᠴᠠᠵᠠᠢ᠃
ᠪᠣᠤ ᠭᠠᠩ ᠴᠢᠬᠤᠯᠠᠴᠢᠯᠠᠬᠤ᠎ᠳᠤ᠎ᠪᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠢ ᠵᠣᠬᠢᠶᠠᠨ ᠪᠠᠢ᠌ᠭᠤᠯᠤᠭᠰᠠᠨ᠎ᠨᠢ ᠠᠮᠢ ᠠᠬᠤᠢ ᠵᠢᠨ ᠵᠠᠰᠠᠯᠲᠠ ᠵᠢᠨ ᠰᠢᠰᠲ᠋ᠧᠮᠵᠢ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠭᠰᠠᠨ ᠨᠢᠭᠡ ᠤᠳᠠᠭ᠋ᠠᠨ᠎ᠤ ᠭᠦᠨᠵᠡᠭᠡᠢ ᠥᠭᠡᠷᠡᠴᠢᠯᠡᠯᠲᠡ ᠪᠠᠢ᠌ᠵᠤ᠂ ᠲᠡᠦᠬᠡ ᠵᠢᠨ ᠰᠢᠨ᠎ᠡ ᠡᠬᠢᠯᠡᠯᠲᠡ ᠵᠢᠨ ᠴᠡᠭ ᠳᠡᠭᠡᠷ᠎ᠡ ᠵᠣᠭᠰᠣᠨ᠂ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠢᠮᠠᠭᠲᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠤᠨ ᠮᠠᠨ᠎ᠤ ᠥᠪᠡᠷᠲᠡᠭᠡᠨ ᠵᠠᠰᠠᠬᠤ ᠣᠷᠣᠨ᠎ᠳᠠᠬᠢ ᠳᠣᠲᠣᠨᠣ ᠨᠠᠢ᠌ᠳᠠᠯᠭ᠎ᠠ ᠵᠢ ᠯᠠᠪᠳᠠᠭᠤᠨ ᠪᠠᠲᠤᠲᠠᠢ ᠪᠥᠭᠡᠳ ᠬᠦᠴᠦᠨ᠎ᠲᠠᠢ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠣᠳᠠᠲᠤ ᠦᠢ᠍ᠯᠡ ᠠᠵᠢᠯᠯᠠᠭ᠎ᠠ᠎ᠪᠠᠷ ᠵᠶ᠋ᠠᠨ ᠤᠯᠤᠰ ᠲᠥᠷᠥ ᠵᠢᠨ ᠲᠠᠯ᠎ᠠ ᠪᠠᠷ ᠦᠨᠡᠨᠴᠢ ᠰᠢᠳᠤᠷᠭᠤ ᠪᠠᠢ᠌ᠬᠤ ᠪᠠ ᠡᠭᠦᠷᠭᠡ ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠬᠦ ᠵᠢ ᠵᠣᠷᠢᠭ ᠰᠠᠨᠠᠭ᠎ᠠ᠎ᠪᠠᠨ ᠲᠠᠢ᠌ᠯᠪᠤᠷᠢᠯᠠᠬᠤ ᠬᠡᠷᠡᠭᠲᠡᠢ; ᠪᠣᠬᠢᠷᠲᠤᠯ ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠰᠠᠢ᠌ᠲᠤᠷ ᠬᠢᠵᠦ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ᠎ᠪᠠᠷ ᠭᠣᠣᠯ ᠲᠡᠮᠡᠴᠡᠯ᠎ᠤᠨ ᠬᠦᠷᠢᠶ᠎ᠡ ᠴᠠᠷᠠᠭ᠎ᠠ ᠪᠣᠯᠭ᠋ᠠᠨ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠪᠠ ᠴᠡᠭᠴᠡᠯᠡᠨ ᠵᠠᠰᠠᠯᠲᠠ᠎ᠪᠠᠷ ᠲᠣᠬᠢᠶᠠᠯ ᠪᠣᠯᠭ᠋ᠠᠵᠤ᠂ 《ᠨᠢᠭᠡ ᠨᠠᠭᠤᠷ ᠬᠣᠶᠠᠷ ᠲᠠᠩᠭᠢᠰ》 ᠵᠡᠷᠭᠡ ᠠᠮᠢ ᠠᠬᠤᠢ ᠵᠢᠨ ᠣᠷᠴᠢᠨ ᠲᠣᠭᠣᠷᠢᠨ᠎ᠤ ᠨᠢᠭᠡ ᠪᠦᠯᠦᠭ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠦᠨᠡᠨ ᠬᠦ᠌ ᠠᠬᠢᠭᠤᠯᠵᠤ᠂ ᠥᠪᠥᠷ ᠮᠣᠩᠭᠣᠯ᠎ᠤᠨ ᠣᠭᠲᠠᠷᠭᠤᠢ᠎ᠨᠢ ᠨᠡᠩ ᠬᠥᠬᠡ᠂ ᠠᠭᠤᠯᠠ᠎ᠨᠢ ᠨᠡᠩ ᠨᠣᠭᠣᠭ᠋ᠠᠨ᠂ ᠤᠰᠤ᠎ᠨᠢ ᠨᠡᠩ ᠲᠤᠩᠭ᠋ᠠᠯᠠᠭ᠂ ᠠᠭᠤᠷ ᠠᠮᠢᠰᠬᠤᠯ᠎ᠨᠢ ᠨᠡᠩ ᠴᠡᠪᠡᠷ᠂ ᠠᠷᠠᠳ ᠲᠦᠮᠡᠨ᠎ᠨᠢ ᠨᠡᠩ ᠪᠠᠶᠠᠷ ᠵᠢᠷᠭ᠋ᠠᠯ᠎ᠲᠠᠢ ᠪᠣᠯᠭ᠋ᠠᠬᠤ ᠬᠡᠷᠡᠭᠲᠡᠢ; ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠬᠤᠯᠠᠴᠢᠯᠠᠨ ᠴᠢᠩᠭ᠋ᠠᠳᠬᠠᠵᠤ᠂ ᠪᠠᠢ᠌ᠭᠤᠯᠤᠮᠵᠢ ᠵᠢᠨ ᠥᠭᠡᠷᠡᠴᠢᠯᠡᠯᠲᠡ᠎ᠳᠤ ᠭᠤᠷᠪᠠ ᠵᠢ ᠲᠣᠭᠲᠠᠭ᠋ᠠᠬᠤ ᠱᠠᠭ᠋ᠠᠷᠳᠠᠯᠭ᠎ᠠ ᠶᠣᠰᠣᠭ᠋ᠠᠷ᠂ ᠳᠣᠲᠣᠭ᠋ᠠᠳᠤ ᠵᠢᠨ ᠡᠭᠦᠷᠭᠡ ᠴᠢᠳᠠᠪᠤᠷᠢ ᠪᠠ ᠪᠠᠢ᠌ᠭᠤᠯᠤᠮᠵᠢ ᠵᠢᠨ ᠠᠵᠢᠯᠲᠠᠨ᠎ᠤ ᠲᠣᠬᠢᠷᠠᠭᠤᠯᠤᠯᠲᠠ᠎ᠪᠠᠨ ᠰᠢᠯᠢᠳᠡᠭᠵᠢᠭᠦᠯᠦᠨ᠂ ᠣᠨᠴᠠᠭ᠋ᠠᠢ ᠬᠦᠴᠢᠷ᠎ᠢ ᠲᠡᠰᠪᠦᠷᠢᠯᠡᠵᠦ ᠳᠡᠢ᠌ᠯᠬᠦ᠂ ᠣᠨᠴᠠᠭ᠋ᠠᠢ ᠪᠠᠢ᠌ᠯᠳᠤᠨ ᠲᠡᠮᠡᠴᠡᠵᠦ ᠳᠡᠢ᠌ᠯᠬᠦ᠂ ᠬᠤᠪᠢ ᠨᠡᠮᠡᠷᠢ᠎ᠪᠠᠨ ᠣᠨᠴᠠᠭ᠋ᠠᠢ ᠬᠠᠨᠳᠢᠪᠯᠠᠵᠤ ᠳᠡᠢ᠌ᠯᠬᠦ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠢᠭᠡᠨ ᠰᠠᠯᠠᠭ᠎ᠠ ᠲᠡᠮᠦᠷ ᠴᠡᠷᠢᠭ᠎ᠢ ᠴᠢᠷᠠᠮᠠᠨ ᠪᠠᠢ᠌ᠭᠤᠯᠵᠤ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ ᠰᠢᠢ᠍ᠳᠪᠦᠷᠢᠲᠦ ᠢᠯᠠᠯᠲᠠ ᠵᠢ ᠣᠯᠬᠤ᠎ᠳᠤ ᠰᠢᠨ᠎ᠡ ᠪᠥᠭᠡᠳ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
ᠰᠢᠶᠠᠩ ᠳ᠋ᠦᠩ ᠢᠯᠡᠷᠬᠡᠢ᠌ᠯᠡᠬᠦ᠎ᠳᠤ᠎ᠪᠠᠨ᠂ ᠰᠢᠨ᠎ᠡ᠎ᠪᠠᠷ ᠵᠣᠬᠢᠶᠠᠨ ᠪᠠᠢ᠌ᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠦᠬᠦ ᠤᠯᠤᠰ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠡᠷᠡᠰ ᠭᠤᠢ᠌ᠪᠢᠰᠢ ᠦᠭᠡᠢ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠴᠢᠬᠤᠯᠠ ᠬᠠᠯᠬᠠᠪᠴᠢᠢ ᠪᠠᠢ᠌ᠭᠤᠯᠤᠨ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠲᠦᠮᠡᠨ ᠭᠠᠵᠠᠷ᠎ᠤᠨ ᠨᠣᠭᠣᠭ᠋ᠠᠨ ᠤᠷᠲᠤ ᠴᠠᠭ᠋ᠠᠨ ᠬᠡᠷᠡᠮ᠎ᠢ ᠴᠣᠭᠴᠠᠯᠠᠨ ᠪᠠᠢ᠌ᠭᠤᠯᠬᠤ ᠴᠢᠬᠤᠯᠠ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠨ᠂ ᠠᠩᠬᠠᠨ᠎ᠤ ᠵᠣᠷᠢᠯᠲᠠ᠎ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠪᠦᠯᠬᠦᠮᠳᠡᠯ᠎ᠢ ᠡᠷᠬᠢᠮᠯᠡᠨ᠂ ᠶᠡᠬᠡ ᠲᠠᠯ᠎ᠠ ᠵᠢ ᠬᠠᠷᠠᠭ᠋ᠠᠯᠵᠠᠵᠤ᠂ ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠳᠠᠭ᠋ᠠᠨ ᠳᠠᠭ᠋ᠠᠭ᠋ᠠᠮᠠᠭ᠋ᠠᠢ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠰᠠᠢ᠌ᠲᠤᠷ ᠬᠢᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠪᠣᠳᠠᠲᠤ ᠦᠷ᠎ᠡ ᠪᠦᠲᠦᠮᠵᠢ᠎ᠪᠠᠷ᠂ ᠰᠢᠨ᠎ᠡ ᠴᠠᠭ ᠦᠶ᠎ᠡ ᠵᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠲᠦᠭᠡᠨ ᠪᠠᠢ᠌ᠭᠤᠯᠬᠤ᠎ᠳᠤ ᠥᠩᠭᠡ ᠭᠡᠷᠡᠯ ᠨᠡᠮᠡᠷᠢᠯᠡᠵᠦ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠵᠤ᠂ ᠳᠤᠮᠳᠠᠳᠤ ᠤᠯᠤᠰ᠎ᠤᠨ ᠠᠭᠤᠤ ᠶᠡᠬᠡ ᠬᠦᠰᠡᠯ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ》᠎ᠳᠤ ᠰᠢᠨ᠎ᠡ ᠪᠥᠭᠡᠳ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠡᠢ᠃