ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠠᠯᠠᠱ᠌ᠠ ᠠᠢ᠌ᠮᠠᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠲᠥᠷᠥᠯ ᠵᠦᠢ᠍ᠯ᠎ᠤᠨ ᠠᠬᠢᠯᠲᠠ ᠵᠢᠨ ᠪᠠᠢ᠌ᠳᠠᠯ᠎ᠤᠨ ᠲᠤᠬᠠᠢ ᠲᠤᠬᠠᠢ ᠵᠢᠨ ᠭᠠᠵᠠᠷ᠎ᠲᠤ᠎ᠨᠢ ᠰᠢᠮᠳᠠᠭᠤᠯᠤᠨ ᠪᠠᠢ᠌ᠴᠠᠭ᠋ᠠᠪᠠ
ᠨᠡᠶ᠋ᠢᠲᠡᠯᠡᠭᠰᠡᠨ ᠴᠠᠭ᠄ 2018-09-28

      ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠦᠨᠡᠨ ᠬᠦ᠌ ᠰᠠᠢ᠌ᠲᠤᠷ ᠬᠢᠵᠦ᠂ ᠪᠦᠬᠦ ᠠᠢ᠌ᠮᠠᠭ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢᠨ ᠲᠥᠯᠥᠭᠡ᠂ ᠣᠢ᠌ᠷ᠎ᠠ᠎ᠳᠤ᠂ ᠠᠯᠠᠱ᠌ᠠ ᠠᠢ᠌ᠮᠠᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠠᠯᠠᠱ᠌ᠠ ᠵᠡᠭᠦᠨ ᠬᠣᠰᠢᠭᠤᠨ᠎ᠤ ᠪᠠᠶᠠᠨᠬᠣᠲᠠ ᠪᠠᠯᠭ᠋ᠠᠰᠤ ᠵᠢᠴᠢ ᠵᠢᠷᠠᠨᠲᠠᠢ ᠪᠠᠯᠭ᠋ᠠᠰᠤᠨ᠎ᠳᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠲᠥᠷᠥᠯ ᠵᠦᠢ᠍ᠯ᠎ᠤᠨ ᠲᠤᠬᠠᠢ ᠲᠤᠬᠠᠢ ᠵᠢᠨ ᠭᠠᠵᠠᠷ᠎ᠲᠤ᠎ᠨᠢ ᠰᠢᠮᠳᠠᠭᠤᠯᠤᠨ ᠪᠠᠢ᠌ᠴᠠᠭ᠋ᠠᠯᠲᠠ ᠬᠢᠵᠡᠢ᠃
      ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠠᠴᠠ ᠪᠠᠶᠠᠨᠬᠣᠲᠠ ᠪᠠᠯᠭ᠋ᠠᠰᠤ ᠵᠢᠨ ᠳᠥᠭᠥᠮ ᠪᠦᠳᠦᠭᠦᠯᠢᠭ ᠣᠷᠣᠨ ᠰᠠᠭᠤᠴᠠᠳᠤ ᠲᠣᠭᠣᠷᠢᠭ᠎ᠢ ᠵᠠᠰᠠᠨ ᠥᠭᠡᠷᠡᠴᠢᠯᠡᠭᠰᠡᠨ᠂ ᠲᠠᠷᠠᠬᠠᠢ ᠪᠤᠲᠠᠷᠬᠠᠢ ᠨᠡᠭᠦᠷᠡᠰᠦ᠎ᠳᠤ ᠵᠠᠰᠠᠯᠲᠠ ᠬᠢᠭᠰᠡᠨ ᠪᠠᠢ᠌ᠳᠠᠯ᠎ᠳᠤ ᠲᠤᠬᠠᠢ ᠵᠢᠨ ᠭᠠᠵᠠᠷ᠎ᠤᠨ ᠪᠠᠢ᠌ᠴᠠᠭ᠋ᠠᠯᠲᠠ ᠬᠢᠪᠡ᠃ 2018 ᠣᠨ᠎ᠳᠤ ᠠᠯᠠᠱ᠌ᠠ ᠵᠡᠭᠦᠨ ᠬᠣᠰᠢᠭᠤᠨ᠎ᠤ ᠪᠠᠶᠠᠨᠬᠣᠲᠠ ᠪᠠᠯᠭ᠋ᠠᠰᠤ᠎ᠠᠴᠠ 1000 ᠡᠷᠦᠭᠡ ᠳᠥᠭᠥᠮ ᠪᠦᠳᠦᠭᠦᠯᠢᠭ ᠣᠷᠣᠨ ᠰᠠᠭᠤᠴᠡᠲᠤ ᠲᠣᠭᠣᠷᠢᠭ᠎ᠢ ᠵᠠᠰᠠᠨ ᠥᠭᠡᠷᠡᠴᠢᠯᠡᠵᠦ᠂ 500 ᠡᠷᠦᠬᠡ ᠪᠠᠢ᠌ᠰᠢᠩ ᠭᠡᠷ᠎ᠤᠨ ᠲᠣᠭᠣᠷᠢᠭ᠎ᠲᠤ ᠴᠡᠪᠡᠷ ᠡᠨᠧᠷᠭᠢ᠎ᠪᠠᠷ ᠣᠷᠣᠯᠠᠭᠤᠯᠬᠤ᠎ᠪᠠᠷ ᠲᠥᠯᠥᠪᠯᠡᠵᠦ᠂ ᠣᠳᠣ ᠨᠢᠭᠡᠨᠲᠡ ᠤᠷᠢᠳᠴᠢᠯᠠᠨ ᠲᠣᠭᠲᠠᠭ᠋ᠠᠭᠰᠠᠨ ᠲᠣᠭ᠎ᠠ᠎ᠪᠠᠨ ᠳᠠᠪᠠᠭᠤᠯᠤᠨ ᠵᠠᠰᠠᠨ ᠥᠭᠡᠷᠡᠴᠢᠯᠡᠬᠦ ᠡᠭᠦᠷᠭᠡ᠎ᠪᠠᠨ ᠪᠡᠶᠡᠯᠡᠭᠦᠯᠵᠦ᠂ ᠵᠠᠰᠠᠨ ᠥᠭᠡᠷᠡᠴᠢᠯᠡᠭᠰᠡᠨ ᠲᠠᠯᠠᠪᠠᠢ᠎ᠨᠢ 12 ᠲᠦᠮᠡᠨ ᠺᠦᠸᠠᠳ᠋ ᠮᠧᠲᠷ᠎ᠲᠤ ᠬᠦᠷᠴᠡᠢ᠃ ᠡᠭᠦᠨ᠎ᠤ ᠬᠠᠮᠲᠤ᠂ ᠪᠠᠶᠠᠨᠬᠣᠲᠠ ᠪᠠᠯᠭ᠋ᠠᠰᠤ ᠵᠢᠨ ᠡᠷᠬᠢᠨ ᠲᠣᠭᠣᠷᠢᠨ᠎ᠤ ᠨᠡᠭᠦᠷᠡᠰᠦ ᠪᠣᠷᠣᠯᠠᠭᠤᠯᠬᠤ ᠲᠠᠷᠠᠬᠠᠢ ᠪᠤᠲᠠᠷᠬᠠᠢ ᠴᠡᠭ᠎ᠢ ᠤᠯᠠᠮ ᠨᠢᠭᠡ ᠠᠯᠬᠤᠮ ᠵᠢᠷᠤᠮᠵᠢᠭᠤᠯᠤᠨ ᠬᠠᠮᠢᠶᠠᠷᠪᠠ᠃ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠠᠴᠠ ᠪᠠᠰᠠ ᠵᠢᠷᠠᠨᠲᠠᠢ ᠪᠠᠯᠭ᠋ᠠᠰᠤ ᠵᠢᠨ ᠲᠥᠪᠯᠡᠷᠡᠭᠦᠯᠦᠨ ᠳᠤᠯᠠᠭ᠋ᠠᠴᠠᠭᠤᠯᠬᠤ ᠲᠥᠷᠥᠯ ᠵᠦᠢ᠍ᠯ᠎ᠤᠨ ᠪᠠᠢ᠌ᠭᠤᠯᠤᠯᠲᠠ ᠵᠢᠨ ᠠᠬᠢᠴᠠ᠂ 10 ᠠᠭᠤᠷᠰᠢᠯᠲᠠ ᠵᠢᠨ ᠲᠣᠨ ᠵᠢᠴᠢ ᠳᠣᠷᠣᠭᠰᠢᠬᠢ ᠨᠡᠭᠦᠷᠡᠰᠦ ᠰᠢᠲᠠᠭ᠋ᠠᠬᠤ ᠭᠦᠸᠧᠯᠦ ᠵᠢ ᠤᠨᠠᠭ᠋ᠠᠨ ᠤᠰᠠᠳᠬᠠᠵᠤ ᠲᠠᠶᠠᠭᠳᠠᠭᠤᠯᠤᠭᠰᠠᠨ ᠪᠠᠢ᠌ᠳᠠᠯ ᠵᠢᠴᠢ ᠵᠢᠷᠠᠨᠲᠠᠢ ᠵᠢᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠢᠨ ᠪᠠᠢ᠌ᠭᠤᠯᠤᠯᠲᠠ ᠵᠢᠨ ᠠᠬᠢᠴᠠ ᠵᠢᠨ ᠪᠠᠢ᠌ᠳᠠᠯ᠎ᠳᠤ ᠲᠤᠬᠠᠢ ᠵᠢᠨ ᠭᠠᠵᠠᠷ᠎ᠤᠨ ᠪᠠᠢ᠌ᠴᠠᠭ᠋ᠠᠯᠲᠠ ᠬᠢᠪᠡ᠃ 2018 ᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠵᠢᠯ᠎ᠤᠨ ᠲᠥᠯᠥᠪᠯᠡᠭᠡ ᠶᠣᠰᠣᠭ᠋ᠠᠷ᠂ ᠵᠢᠷᠠᠨᠲᠠᠢ ᠪᠠᠯᠭ᠋ᠠᠰᠤ 11 ᠨᠡᠭᠦᠷᠡᠰᠦ ᠰᠢᠲᠠᠭ᠋ᠠᠬᠤ ᠵᠢᠵᠢᠭ ᠭᠦᠸᠧᠯᠦ᠎ᠪᠠᠨ ᠤᠨᠠᠭ᠋ᠠᠨ ᠤᠰᠠᠳᠬᠠᠬᠤ ᠴᠢᠬᠤᠯᠠᠲᠠᠢ ᠪᠠᠢ᠌ᠵᠤ᠂ ᠣᠳᠣᠬᠠᠨ᠎ᠳᠤ ᠨᠢᠭᠡᠨᠲᠡ ᠪᠦᠬᠦᠨ᠎ᠢ ᠤᠨᠠᠭ᠋ᠠᠨ ᠤᠰᠠᠳᠬᠠᠭᠰᠠᠨ ᠪᠤᠶᠤ ᠬᠡᠷᠡᠭᠯᠡᠬᠦ ᠵᠢ᠎ᠨᠢ ᠵᠣᠭᠰᠣᠭ᠋ᠠᠵᠤ᠂ ᠵᠢᠷᠠᠨᠲᠠᠢ ᠪᠠᠯᠭ᠋ᠠᠰᠤ ᠲᠥᠪᠯᠡᠷᠡᠭᠦᠯᠦᠨ ᠳᠤᠯᠠᠭ᠋ᠠᠴᠠᠭᠤᠯᠬᠤ ᠲᠥᠷᠥᠯ ᠵᠦᠢ᠍ᠯ ᠵᠶ᠋ᠡᠨ 10 ᠳ᠋ᠤᠭ᠋ᠠᠷ ᠰᠠᠷ᠎ᠠ ᠵᠢᠨ ᠳᠤᠮᠳᠠᠴᠢ᠎ᠪᠠᠷ ᠪᠠᠢ᠌ᠭᠤᠯᠤᠨ ᠪᠦᠲᠦᠭᠡᠬᠦ ᠵᠢᠨ ᠬᠠᠮᠲᠤ ᠲᠥᠪᠯᠡᠷᠡᠭᠦᠯᠦᠨ ᠳᠤᠯᠠᠭ᠋ᠠᠴᠠᠭᠤᠯᠬᠤ ᠵᠢ ᠪᠡᠶᠡᠯᠡᠭᠦᠯᠬᠦ᠎ᠪᠠᠷ ᠲᠥᠯᠥᠪᠯᠡᠵᠦ ᠪᠠᠢ᠌ᠨ᠎ᠠ᠃
      ᠲᠤᠬᠠᠢ ᠵᠢᠨ ᠭᠠᠵᠠᠷ᠎ᠲᠤ᠎ᠨᠢ ᠰᠢᠮᠳᠠᠭᠤᠯᠤᠨ ᠪᠠᠢ᠌ᠴᠠᠭ᠋ᠠᠬᠤ᠎ᠪᠠᠷ ᠳᠠᠮᠵᠢᠭᠤᠯᠤᠨ᠂ ᠠᠯᠠᠱ᠌ᠠ ᠵᠡᠭᠦᠨ ᠬᠣᠰᠢᠭᠤᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠲᠥᠷᠥᠯ ᠵᠦᠢ᠍ᠯ ᠵᠶ᠋ᠡᠨ ᠠᠬᠢᠭᠤᠯᠤᠭᠰᠠᠨ ᠪᠠᠢ᠌ᠳᠠᠯ ᠵᠢᠴᠢ ᠣᠷᠣᠰᠢᠵᠤ ᠪᠠᠢ᠌ᠭ᠎ᠠ ᠠᠰᠠᠭᠤᠳᠠᠯ᠎ᠢ ᠡᠵᠡᠮᠰᠢᠵᠦ᠂ ᠳᠠᠷᠠᠭ᠋ᠠᠴᠢ ᠵᠢᠨ ᠠᠯᠬᠤᠮ᠎ᠤᠨ ᠠᠵᠢᠯ᠎ᠳᠤ᠎ᠪᠠᠨ ᠠᠯᠠᠱ᠌ᠠ ᠵᠡᠭᠦᠨ ᠬᠣᠰᠢᠭᠤᠨ᠎ᠤ ᠵᠠᠰᠠᠭ᠎ᠤᠨ ᠣᠷᠳᠣᠨ ᠵᠢᠴᠢ ᠡᠯ᠎ᠡ ᠬᠠᠮᠢᠶ᠎ᠠ ᠪᠦᠬᠦᠢ ᠠᠵᠤ ᠠᠬᠤᠢ᠌ᠯᠠᠯ᠎ᠤᠨ ᠠᠵᠢᠯ᠎ᠤᠨ ᠬᠤᠭᠤᠴᠠᠭ᠎ᠠ᠎ᠪᠠᠨ ᠲᠣᠩᠭᠣᠷᠠᠭᠤᠯᠤᠨ ᠲᠣᠬᠢᠷᠠᠭᠤᠯᠵᠤ᠂ ᠢᠨᠵᠧᠨᠧᠷᠢᠩ᠎ᠤᠨ ᠲᠥᠷᠥᠯ ᠵᠦᠢ᠍ᠯ᠎ᠤᠨ ᠠᠬᠢᠴᠠ᠎ᠪᠠᠨ ᠡᠮᠬᠢ ᠵᠢᠷᠤᠮ᠎ᠲᠠᠢ ᠠᠬᠢᠭᠤᠯᠬᠤ ᠵᠢ ᠰᠢᠮᠳᠠᠭᠤᠯᠵᠤ᠂ 2018 ᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠢᠯᠠᠯᠲᠠ ᠣᠯᠬᠤ᠎ᠳᠤ ᠰᠠᠢ᠌ᠨ ᠰᠠᠢ᠌ᠬᠠᠨ ᠰᠠᠭᠤᠷᠢ ᠵᠢ ᠲᠠᠯᠪᠢᠨ᠎ᠠ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠠᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠬᠢᠭᠡᠳ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
ᠪᠦᠬᠦ ᠤᠯᠤᠰ᠎ᠤᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠵᠢᠨ ᠭᠤᠷᠪᠠᠳᠤᠭ᠋ᠠᠷ ᠤᠳᠠᠭ᠋ᠠᠨ ᠲᠧᠯᠸᠢᠰ ᠬᠤᠷᠠᠯ᠎ᠢ ᠬᠤᠷᠠᠯᠳᠤᠭᠤᠯᠪᠠ
ᠬᠢᠩᠭ᠋ᠠᠨ ᠠᠢ᠌ᠮᠠᠭ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠵᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠬᠦᠴᠦᠯᠡᠵᠦ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠢᠩᠬᠢᠨᠢ᠎ᠪᠠᠷ ᠫᠠᠢ᠌ᠰᠠ᠎ᠪᠠᠨ ᠡᠯᠭᠦᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠩᠬᠢᠨᠢ᠎ᠪᠠᠷ ᠰᠦᠯᠵᠢᠶ᠎ᠡ ᠨᠡᠪᠲᠡᠷᠡᠪᠡ
 
             蒙ICP备05000248号