ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠣᠷᠴᠢᠨ ᠲᠣᠭᠣᠷᠢᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠵᠠᠳᠠᠯᠵᠤ ᠰᠤᠳᠤᠯᠤᠨ ᠮᠠᠭ᠋ᠠᠳᠯᠠᠬᠤ ᠪᠠ ᠮᠡᠳᠡᠭᠡ ᠵᠠᠩᠭᠢ ᠵᠢ ᠢᠯᠡ ᠪᠠᠢ᠌ᠯᠭ᠋ᠠᠬᠤ ᠠᠵᠢᠯ᠎ᠢ ᠯᠠᠪᠳᠠᠭᠤᠨ ᠪᠠᠲᠤᠲᠠᠢ᠎ᠪᠠᠷ ᠰᠠᠢ᠌ᠲᠤᠷ ᠬᠢᠵᠦ ᠪᠠᠢ᠌ᠨ᠎ᠠ
ᠨᠡᠶ᠋ᠢᠲᠡᠯᠡᠭᠰᠡᠨ ᠴᠠᠭ᠄ 2018-09-28

      ᠣᠷᠴᠢᠨ ᠲᠣᠭᠣᠷᠢᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠤᠨ ᠬᠡᠷᠡᠭ᠎ᠢ ᠬᠠᠮᠤᠭ᠎ᠤᠨ ᠲᠦᠷᠦᠭᠦᠨ᠎ᠳᠤ ᠪᠠᠢ᠌ᠴᠠᠭ᠋ᠠᠨ ᠰᠢᠢ᠍ᠳᠪᠦᠷᠢᠯᠡᠵᠦ᠂ ᠲᠡᠭᠦᠨ᠎ᠤ ᠦᠷᠭᠦᠯᠵᠢᠯᠡᠨ ᠥᠷᠭᠡᠳᠬᠦ᠎ᠠᠴᠠ ᠵᠠᠢ᠌ᠯᠠᠰᠬᠢᠨ᠂ ᠨᠠᠵᠠᠭ᠋ᠠᠢ ᠨᠥᠯᠥᠭᠡ ᠵᠢ᠎ᠨᠢ ᠠᠷᠢᠯᠭ᠋ᠠᠬᠤ ᠵᠢᠨ ᠲᠥᠯᠥᠭᠡ᠂ ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠴᠠᠭ ᠲᠤᠬᠠᠢ᠎ᠳᠤ᠎ᠨᠢ ᠵᠠᠳᠠᠯᠤᠨ ᠰᠢᠨᠵᠢᠯᠡᠭᠰᠡᠨ ᠪᠠ ᠰᠤᠳᠤᠯᠤᠨ ᠮᠠᠭ᠋ᠠᠳᠯᠠᠵᠤ᠂ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠋ᠠᠨ᠎ᠳᠠᠬᠢ ᠣᠷᠴᠢᠨ ᠲᠣᠭᠣᠷᠢᠨ᠎ᠤ ᠵᠠᠬᠢᠳᠠᠯ ᠰᠤᠷᠪᠤᠯᠵᠢᠯᠠᠯ ᠢᠯᠡᠴᠢᠯᠡᠨ ᠵᠠᠭ᠋ᠠᠯᠳᠤᠯᠭ᠎ᠠ ᠵᠢ ᠬᠠᠤᠯᠢ᠎ᠪᠠᠷ ᠲᠣᠭᠲᠠᠭ᠋ᠠᠭᠰᠠᠨ ᠠᠷᠭ᠎ᠠ ᠵᠠᠮ ᠵᠶ᠋ᠠᠷ ᠲᠥᠷᠥᠯ ᠬᠤᠪᠢᠶᠠᠨ ᠰᠢᠢ᠍ᠳᠪᠦᠷᠢᠯᠡᠬᠦ᠎ᠪᠠᠷ ᠭᠤᠶᠤᠴᠢᠯᠠᠭᠰᠠᠨ ᠨᠠᠷᠢᠨ ᠬᠠᠭᠤᠳᠠᠰᠤ》᠎ᠪᠠᠷ ᠦᠨᠳᠦᠰᠦᠯᠡᠯ ᠪᠣᠯᠭ᠋ᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠤᠰᠤ ᠲᠤᠬᠠᠢ᠌ᠯᠠᠭᠰᠠᠨ ᠠᠵᠢᠯ᠎ᠤᠨ ᠲᠥᠷᠥᠯ᠎ᠤᠨ ᠵᠦᠢ᠍ᠯᠡᠰ᠎ᠤᠨ ᠲᠤᠬᠠᠢ᠂ ᠴᠠᠭ ᠲᠤᠬᠠᠢ᠎ᠳᠤ᠎ᠨᠢ ᠬᠠᠷᠢᠶᠠᠯᠠᠭᠳᠠᠬᠤ ᠣᠷᠣᠨ᠎ᠤ ᠵᠠᠰᠠᠭ᠎ᠤᠨ ᠣᠷᠳᠣᠨ ᠪᠤᠶᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠤ ᠵᠠᠬᠢᠳᠠᠯ ᠵᠶ᠋ᠠᠷ ᠮᠡᠳᠡᠭᠦᠯᠦᠨ ᠰᠢᠢ᠍ᠳᠪᠦᠷᠢᠯᠡᠭᠦᠯᠪᠡ; ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ᠌ᠯᠠᠭᠰᠠᠨ ᠠᠵᠢᠯ᠎ᠤᠨ ᠲᠥᠷᠥᠯ᠎ᠤᠨ ᠵᠦᠢ᠍ᠯᠡᠰ᠎ᠲᠤ᠂ ᠴᠠᠭ ᠲᠤᠬᠠᠢ᠎ᠳᠤ᠎ᠨᠢ ᠬᠠᠷᠢᠶᠠᠯᠠᠭᠳᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠠᠴᠠ ᠲᠤᠬᠠᠢ ᠵᠢᠨ ᠭᠠᠵᠠᠷ᠎ᠲᠤ᠎ᠨᠢ ᠬᠢᠨᠠᠨ ᠬᠠᠷᠭᠤᠭᠤᠯᠬᠤ ᠵᠢ ᠰᠢᠮᠳᠠᠭᠤᠯᠤᠨ ᠭᠦᠢ᠍ᠴᠡᠳᠬᠡᠵᠦ᠂ ᠬᠡᠷᠪᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠪᠠᠢ᠌ᠪᠠᠯ᠂ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠵᠦ᠂ ᠪᠦᠬᠦ ᠶᠠᠪᠤᠴᠠ᠎ᠳᠤ ᠴᠡᠭᠴᠡᠯᠡᠨ ᠵᠠᠰᠠᠬᠤ ᠵᠢ ᠰᠢᠮᠳᠠᠭᠤᠯᠵᠤ᠂ ᠬᠤᠭᠤᠴᠠᠭ᠎ᠠ ᠲᠣᠭᠲᠠᠭ᠋ᠠᠨ ᠪᠣᠳᠠᠲᠠᠢ᠎ᠳᠤ ᠨᠠᠢ᠌ᠳᠠᠪᠤᠷᠢᠵᠢᠭᠤᠯᠪᠠ᠃ ᠪᠠᠢ᠌ᠴᠠᠭ᠋ᠠᠨ ᠰᠢᠢ᠍ᠳᠪᠦᠷᠢᠯᠡᠵᠦ ᠳᠠᠭᠤᠰᠤᠭᠰᠠᠨ᠎ᠤ ᠳᠠᠷᠠᠭ᠎ᠠ᠂ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠴᠠᠭ ᠲᠤᠬᠠᠢ᠎ᠳᠤ᠎ᠨᠢ ᠣᠷᠣᠨ ᠬᠡᠪᠴᠢᠶᠡᠨ᠎ᠤ ᠰᠦᠯᠵᠢᠶ᠎ᠡ᠎ᠪᠠᠷ ᠣᠷᠴᠢᠨ ᠲᠣᠭᠣᠷᠢᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠤᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠭᠰᠡᠨ ᠪᠠᠢ᠌ᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠵᠤ᠂ ᠮᠡᠳᠡᠭᠡ ᠵᠠᠩᠭᠢ ᠵᠢ ᠢᠯᠡ ᠪᠣᠯᠭ᠋ᠠᠭᠰᠠᠨ᠎ᠢ ᠰᠣᠨᠢᠨ ᠮᠡᠳᠡᠭᠡ᠎ᠪᠠᠷ ᠤᠬᠠᠭᠤᠯᠬᠤ᠂ ᠠᠷᠠᠳ ᠣᠯᠠᠨ᠎ᠤ ᠰᠠᠨᠠᠯ ᠵᠶ᠋ᠠᠨ ᠳᠡᠪᠰᠢᠭᠦᠯᠬᠦ ᠠᠷᠭ᠎ᠠ ᠵᠠᠮ᠎ᠢ ᠰᠢᠯᠤᠭᠤᠳᠬᠠᠬᠤ ᠪᠠ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ 2018 ᠣᠨ᠎ᠤ 9 ᠳ᠋ᠦ᠍ᠭᠡᠷ ᠰᠠᠷ᠎ᠠ ᠪᠣᠯᠲᠠᠯ᠎ᠠ᠂ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠣᠷᠴᠢᠨ ᠲᠣᠭᠣᠷᠢᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠤᠨ ᠨᠡᠢ᠌ᠲᠡ 21 ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠵᠦ᠂ ᠨᠢᠭᠡᠨᠲᠡ ᠪᠦᠬᠦᠨ᠎ᠢ ᠭᠦᠢ᠍ᠴᠡᠳᠬᠡᠵᠦ ᠪᠠᠷᠠᠭᠰᠠᠨ᠎ᠤ ᠬᠠᠮᠲᠤ ᠮᠡᠳᠡᠭᠡ ᠵᠠᠩᠭᠢ ᠵᠢ ᠢᠯᠡ ᠪᠣᠯᠭ᠋ᠠᠵᠠᠢ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠠᠩᠬᠢᠮ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠲᠥᠷᠥᠯ ᠵᠦᠢ᠍ᠯ᠎ᠤᠨ ᠠᠬᠢᠯᠲᠠ ᠵᠢᠨ ᠪᠠᠢ᠌ᠳᠠᠯ᠎ᠤᠨ ᠲᠤᠬᠠᠢ ᠲᠤᠬᠠᠢ ᠵᠢᠨ ᠭᠠᠵᠠᠷ᠎ᠲᠤ᠎ᠨᠢ ᠰᠢᠮᠳᠠᠭᠤᠯᠤᠨ ᠪᠠᠢ᠌ᠴᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠬᠢᠭᠡᠳ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
ᠪᠦᠬᠦ ᠤᠯᠤᠰ᠎ᠤᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠵᠢᠨ ᠭᠤᠷᠪᠠᠳᠤᠭ᠋ᠠᠷ ᠤᠳᠠᠭ᠋ᠠᠨ ᠲᠧᠯᠸᠢᠰ ᠬᠤᠷᠠᠯ᠎ᠢ ᠬᠤᠷᠠᠯᠳᠤᠭᠤᠯᠪᠠ
ᠬᠢᠩᠭ᠋ᠠᠨ ᠠᠢ᠌ᠮᠠᠭ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠵᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠬᠦᠴᠦᠯᠡᠵᠦ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠢᠩᠬᠢᠨᠢ᠎ᠪᠠᠷ ᠫᠠᠢ᠌ᠰᠠ᠎ᠪᠠᠨ ᠡᠯᠭᠦᠪᠡ
 
             蒙ICP备05000248号