ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2018-11-27

      11 ᠳ᠋ᠦ᠍ᠭᠡᠷ ᠰᠠᠷ᠎ᠠ ᠵᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠢᠩᠬᠢᠨᠢ᠎ᠪᠠᠷ ᠫᠠᠢ᠌ᠰᠠ᠎ᠪᠠᠨ ᠡᠯᠭᠦᠪᠡ᠃ 11 ᠳ᠋ᠦ᠍ᠭᠡᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠤᠯᠠᠮ ᠨᠢᠭᠡ ᠠᠯᠬᠤᠮ ᠲᠤᠭᠤᠰᠢᠯᠠᠭᠤᠯᠤᠨ᠂ ᠪᠦᠬᠦ ᠤᠯᠤᠰ᠎ᠤᠨ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠬᠤᠷᠠᠯ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠣᠯᠣᠭᠰᠠᠨ ᠦᠷ᠎ᠡ ᠪᠦᠲᠦᠮᠵᠢ ᠵᠢ ᠳ᠋ᠦᠩᠨᠡᠨ᠂ ᠣᠳᠣᠬᠠᠨ᠎ᠤ ᠪᠠ ᠡᠭᠦᠨ᠎ᠠᠴᠠ ᠬᠣᠢ᠌ᠰᠢᠳᠠ ᠵᠢᠨ ᠨᠢᠭᠡ ᠬᠡᠰᠡᠭ ᠬᠤᠭᠤᠴᠠᠭ᠋ᠠᠨ᠎ᠤ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠢ᠌ᠯᠠᠵᠤ᠂ ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠰᠠᠢ᠌ᠨ ᠰᠠᠢ᠌ᠬᠠᠨ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠵᠠᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠤᠷᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠬᠤᠷᠠᠯ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠤᠨ ᠪᠠᠢ᠌ᠷᠢ᠎ᠳᠤ᠎ᠪᠠᠨ ᠪᠠᠢ᠌ᠭ᠎ᠠ ᠲᠢᠩᠬᠢᠮ᠎ᠤᠨ ᠤᠳᠤᠷᠢᠳᠤᠯᠭ᠎ᠠ ᠨᠠᠷ ᠬᠤᠷᠠᠯ᠎ᠳᠤ ᠣᠷᠣᠯᠴᠠᠪᠠ᠃
      ᠰᠢᠶᠠᠩ ᠳ᠋ᠦᠩ ᠵᠢᠭ᠋ᠠᠬᠤ᠎ᠳᠤ᠎ᠪᠠᠨ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠹᠷᠣᠨᠲ᠎ᠤᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠲᠤᠬᠠᠢ ᠴᠢᠬᠤᠯᠠ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠰᠠᠨᠠᠭ᠋ᠠᠴᠢᠯᠠᠭ᠎ᠠ᠎ᠠᠴᠠ᠎ᠪᠠᠨ ᠴᠢᠷᠮᠠᠢ᠌ᠨ ᠭᠦᠢ᠍ᠴᠡᠳᠬᠡᠵᠦ᠂ ᠰᠣᠨᠢᠨ ᠮᠡᠳᠡᠭᠡᠨ᠎ᠤ ᠤᠬᠠᠭᠤᠯᠭ᠎ᠠ ᠵᠢᠨ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠣᠯᠠᠨ ᠬᠡᠯᠪᠡᠷᠢ ᠮᠠᠶᠢᠭ᠎ᠤᠨ ᠤᠬᠠᠭᠤᠯᠭ᠎ᠠ ᠬᠥᠮᠥᠵᠢᠯ᠎ᠤᠨ ᠠᠵᠢᠯᠯᠠᠭ᠎ᠠ ᠵᠢ ᠴᠥᠬᠥᠷᠡᠰᠢ ᠦᠭᠡᠢ ᠥᠷᠨᠢᠭᠦᠯᠵᠦ᠂ ᠨᠡᠢ᠌ᠭᠡᠮ᠎ᠤᠨ ᠶᠠᠷᠢᠶ᠎ᠠ ᠬᠡᠯᠡᠯᠴᠡᠭᠡ ᠵᠢ ᠢᠳᠡᠪᠬᠢᠲᠡᠢ᠎ᠪᠠᠷ ᠬᠥᠲᠥᠯᠥᠨ ᠵᠢᠯᠣᠭᠣᠳᠴᠤ᠂ ᠠᠮᠢ ᠠᠬᠤᠢ ᠵᠢᠨ ᠪᠣᠯᠪᠠᠰᠤᠨ᠎ᠤ ᠣᠨᠣᠯᠵᠢᠬᠤᠨ᠎ᠢ ᠲᠦᠭᠡᠮᠡᠯᠵᠢᠭᠦᠯᠦᠨ᠂ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠰᠢᠨ᠎ᠡ ᠪᠠᠢ᠌ᠳᠠᠯ᠎ᠢ ᠨᠡᠭᠡᠭᠡᠨ ᠡᠭᠦᠳᠴᠦ᠂ ᠠᠮᠢ ᠠᠬᠤᠢ ᠵᠢᠨ ᠣᠷᠴᠢᠨ ᠲᠣᠭᠣᠷᠢᠨ᠎ᠤ ᠰᠣᠨᠢᠨ ᠮᠡᠳᠡᠭᠡᠨ᠎ᠤ ᠤᠬᠠᠭᠤᠯᠭ᠎ᠠ ᠵᠢᠨ ᠠᠵᠢᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠪᠠ ᠡᠯ᠎ᠡ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ᠎ᠤᠨ ᠰᠣᠨᠢᠨ ᠮᠡᠳᠡᠭᠡᠨ᠎ᠤ ᠤᠬᠠᠭᠤᠯᠭ᠎ᠠ ᠵᠢᠨ ᠡᠷᠴᠢᠮ ᠨᠡᠢ᠌ᠳᠡᠮ᠎ᠳᠤ᠎ᠪᠠᠨ ᠴᠢᠩᠭ᠋ᠠᠷᠠᠵᠤ᠂ ᠠᠵᠢᠯ᠎ᠤᠨ ᠬᠠᠷᠢᠭᠤᠴᠠᠯᠭ᠋ᠠᠲᠤ ᠦᠵᠡᠯ ᠤᠬᠠᠮᠰᠠᠷ ᠪᠠ ᠰᠠᠨᠠᠭ᠋ᠠᠴᠢᠯᠠᠭ᠋ᠠᠲᠤ ᠦᠵᠡᠯ ᠤᠬᠠᠮᠰᠠᠷ᠎ᠨᠢ ᠢᠯᠡᠳᠲᠡ ᠴᠢᠩᠭ᠋ᠠᠷᠠᠪᠠ᠃ 《ᠰᠣᠨᠢᠨ ᠮᠡᠳᠡᠭᠡ ᠨᠡᠢ᠌ᠲᠡᠯᠡᠬᠦ ᠳᠦᠷᠢᠮ》᠎ᠢ ᠨᠡᠢ᠌ᠲᠡᠯᠡᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠠᠬᠢᠴᠠ ᠵᠢ ᠬᠠᠮᠤᠭ᠎ᠤᠨ ᠲᠦᠷᠦᠭᠦᠨ᠎ᠳᠤ ᠨᠡᠢ᠌ᠲᠡᠯᠡᠵᠦ᠂ ᠨᠡᠢ᠌ᠭᠡᠮ᠎ᠤᠨ ᠠᠩᠬᠠᠷᠤᠯ᠎ᠳᠤ ᠬᠠᠷᠢᠭᠤ ᠲᠤᠰᠬᠠᠪᠠ; ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠣᠨᠢᠨ ᠮᠡᠳᠡᠭᠡᠯᠡᠯ ᠪᠠ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠪᠣᠯᠪᠠᠰᠤᠷᠠᠯ᠎ᠤᠨ ᠠᠩᠭᠢ ᠵᠢ ᠢᠳᠡᠪᠬᠢᠲᠡᠢ ᠡᠷᠬᠢᠯᠡᠵᠦ᠂ ᠷᠠᠳᠢᠣ᠋᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠡᠯ᠎ᠡ ᠲᠥᠷᠥᠯ᠎ᠤᠨ ᠲᠠᠪᠴᠠᠩ᠎ᠢ ᠠᠰᠢᠭᠯᠠᠨ ᠠᠮᠢ ᠠᠬᠤᠢ ᠵᠢᠨ ᠣᠷᠴᠢᠨ ᠲᠣᠭᠣᠷᠢᠨ᠎ᠤ ᠮᠡᠳᠡᠭᠡ ᠵᠠᠩᠭᠢ ᠵᠢ ᠴᠠᠭ ᠲᠤᠬᠠᠢ ᠨᠡᠢ᠌ᠲᠡᠯᠡᠵᠦ᠂ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠪᠠ; ᠪᠦᠬᠦ ᠣᠷᠣᠨ᠎ᠤ 12 ᠮᠤᠵᠢ ᠬᠣᠲᠠ ᠪᠠ ᠠᠰ᠎ᠲᠤ᠎ᠪᠠᠨ ᠲᠥᠯᠥᠪᠯᠡᠭᠡ ᠬᠢᠬᠦ 2 ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠤ ᠪᠦᠷ ᠠᠯᠪᠠᠨ᠎ᠤ ᠲᠠᠯ᠎ᠠ ᠵᠢᠨ ᠪᠢᠴᠢᠯ ᠪᠦᠷᠭᠡ᠂ ᠸᠢᠴᠠᠲ᠎ᠤᠨ ᠣᠯᠠᠨ ᠨᠡᠢ᠌ᠲᠡ ᠵᠢᠨ ᠲᠠᠪᠴᠠᠩ᠎ᠢ ᠨᠡᠪᠲᠡᠷᠡᠭᠦᠯᠦᠭᠰᠡᠨ᠎ᠤ ᠬᠠᠮᠲᠤ ᠪᠠᠢ᠌ᠩᠭᠤ ᠠᠵᠢᠯᠯᠠᠭᠤᠯᠬᠤ ᠵᠢ ᠪᠡᠶᠡᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠰᠢᠨ᠎ᠡ ᠵᠠᠭᠤᠴᠢᠯᠠᠭᠤᠷ᠎ᠤᠨ ᠪᠠᠢ᠌ᠭᠤᠯᠤᠨ ᠬᠡᠷᠡᠭᠯᠡᠬᠦ ᠬᠢᠷᠢ ᠲᠦᠪᠰᠢᠨ᠎ᠢ   ᠢᠯᠡᠳᠲᠡ   ᠳᠡᠭᠡᠭᠰᠢᠯᠡᠭᠦᠯᠵᠡᠢ᠃ ᠠᠮᠢ ᠠᠬᠤᠢ ᠵᠢᠨ ᠣᠷᠴᠢᠨ ᠲᠣᠭᠣᠷᠢᠨ᠎ᠤ ᠨᠡᠢ᠌ᠭᠡᠮ᠎ᠤᠨ ᠤᠬᠠᠭᠤᠯᠭ᠎ᠠ ᠬᠥᠮᠥᠵᠢᠯ᠎ᠳᠤ   ᠲᠠᠰᠤᠷᠠᠯᠲᠠ   ᠦᠭᠡᠢ   ᠰᠢᠨ᠎ᠡ ᠵᠢ   ᠡᠭᠦᠳᠦᠨ  ᠂ 《6 · 5》 ᠵᠢᠨ ᠣᠷᠴᠢᠨ ᠲᠣᠭᠣᠷᠢᠨ᠎ᠤ ᠡᠳᠦᠷ ᠵᠶ᠋ᠡᠷ ᠭᠣᠣᠯ ᠪᠣᠯᠭ᠋ᠠᠭᠰᠠᠨ ᠠᠮᠢ ᠠᠬᠤᠢ ᠵᠢᠨ ᠣᠷᠴᠢᠨ ᠲᠣᠭᠣᠷᠢᠨ᠎ᠤ ᠨᠡᠢ᠌ᠭᠡᠮ᠎ᠤᠨ ᠤᠬᠠᠭᠤᠯᠭ᠎ᠠ ᠵᠢᠨ ᠠᠵᠢᠯᠯᠠᠭ᠋ᠠᠨ᠎ᠤ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠥᠷᠭᠡᠳᠬᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠣᠯᠠᠨ ᠨᠡᠢ᠌ᠲᠡ᠎ᠳᠤ ᠨᠡᠭᠡᠭᠡᠯᠲᠡ ᠬᠢᠬᠦ ᠵᠢ ᠠᠯᠬᠤᠮ ᠠᠯᠬᠤᠮ ᠵᠶ᠋ᠠᠷ ᠬᠡᠷᠡᠭᠵᠢᠭᠦᠯᠦᠨ᠂ ᠡᠳᠦᠷ ᠢᠷᠡᠬᠦᠶ᠎ᠡ ᠬᠡᠪᠴᠢᠶᠡᠵᠢᠯ ᠪᠦᠷᠢᠯᠳᠦᠭᠦᠯᠵᠦ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠦᠢ᠍ᠯᠡᠳᠦᠯᠭᠡᠵᠢᠭᠦᠯᠦᠭᠴᠢ ᠮᠥᠨ》 ᠭᠡᠬᠦ ᠭᠣᠣᠯ ᠰᠡᠳᠦᠪ᠎ᠤᠨ ᠲᠣᠭᠣᠷᠢᠨ᠎ᠳᠤ᠂ ᠪᠣᠳᠠᠲᠤ ᠪᠠᠢ᠌ᠳᠠᠯ᠎ᠳᠤ᠎ᠪᠠᠨ ᠰᠠᠭᠤᠷᠢᠯᠠᠨ᠂ ᠬᠡᠯᠪᠡᠷᠢ᠎ᠳᠤ ᠰᠢᠨ᠎ᠡ ᠵᠢ ᠡᠭᠦᠳᠴᠦ᠂ ᠠᠮᠢᠳᠤᠯᠢᠭ ᠣᠯᠠᠨ ᠶᠠᠩᠵᠤ ᠵᠢᠨ ᠤᠬᠠᠭᠤᠯᠭ᠎ᠠ ᠵᠢᠨ ᠠᠵᠢᠯᠯᠠᠭ᠋ᠠᠨ ᠥᠷᠨᠢᠭᠦᠯᠵᠦ᠂ ᠰᠠᠢ᠌ᠨ ᠰᠠᠢ᠌ᠬᠠᠨ ᠨᠡᠢ᠌ᠭᠡᠮ᠎ᠤᠨ ᠦᠷ᠎ᠡ ᠪᠦᠲᠦᠮᠵᠢ ᠣᠯᠪᠠ; ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠲᠠᠰᠤᠷᠠᠯᠲᠠ ᠦᠭᠡᠢ ᠥᠷᠭᠡᠳᠬᠡᠨ᠂ ᠠᠮᠢ ᠠᠬᠤᠢ ᠵᠢᠨ ᠰᠣᠶᠣᠯ᠎ᠤᠨ ᠣᠨᠣᠯ᠎ᠤᠨ ᠰᠤᠳᠤᠯᠤᠯᠲᠠ᠎ᠳᠤ ᠰᠢᠪᠲᠤᠯᠤᠯᠲᠠ ᠬᠢᠵᠦ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠪᠤᠰᠤᠳ ᠰᠠᠯᠠᠭ᠎ᠠ ᠮᠥᠴᠢᠷ᠎ᠲᠠᠢ ᠳᠡᠭᠡᠳᠦ ᠱᠠᠲᠤᠨ᠎ᠠᠴᠠ ᠳᠣᠣᠷᠠᠳᠤ ᠱᠠᠲᠤᠨ᠎ᠳᠤ ᠬᠦᠷᠲᠡᠯ᠎ᠡ ᠬᠠᠮᠲᠤᠷᠠᠯᠴᠠᠬᠤ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ 《ᠥᠷᠭᠡᠨ ᠵᠶ᠋ᠡᠷ ᠬᠠᠮᠤᠷᠤᠭᠤᠯᠬᠤ᠂ ᠶᠡᠬᠡ᠎ᠪᠠᠷ ᠬᠣᠯᠪᠣᠭ᠋ᠠᠯᠠᠨ ᠨᠡᠪᠲᠡᠷᠡᠭᠦᠯᠬᠦ᠂ ᠣᠯᠠᠨ ᠬᠠᠷᠠᠭ᠋ᠠᠰᠤ᠎ᠠᠴᠠ ᠬᠠᠮᠲᠤᠷᠠᠯᠴᠠᠬᠤ》 ᠤᠬᠠᠭᠤᠯᠭ᠎ᠠ ᠬᠥᠮᠥᠵᠢᠯ᠎ᠤᠨ ᠠᠵᠢᠯ᠎ᠤᠨ ᠰᠢᠨ᠎ᠡ ᠪᠠᠢ᠌ᠷᠢᠯᠠᠭᠤᠯᠤᠯᠲᠠ ᠵᠢ ᠬᠠᠮᠲᠤ᠎ᠪᠠᠷ ᠪᠠᠢ᠌ᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ᠎ᠢ ᠦᠨᠡᠨ ᠬᠦ᠌ ᠥᠷᠭᠡᠳᠬᠡᠵᠡᠢ ᠭᠡᠪᠡ᠃
    ᠰᠢᠶᠠᠩ ᠳ᠋ᠦᠩ ᠴᠢᠬᠤᠯᠠᠴᠢᠯᠠᠬᠤ᠎ᠳᠤ᠎ᠪᠠᠨ᠂ ᠪᠦᠬᠦ ᠣᠷᠣᠨ᠎ᠤ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠠᠵᠢᠯ᠎ᠤᠨ ᠪᠠᠢ᠌ᠷᠢ ᠵᠢᠨ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠨ᠂ ᠠᠵᠢᠯ᠎ᠤᠨ ᠭᠣᠣᠯᠳᠠᠯᠭ᠎ᠠ᠎ᠪᠠᠨ ᠣᠨᠣᠪᠴᠢᠲᠠᠢ ᠡᠷᠢᠵᠦ᠂ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠢ ᠳᠠᠬᠢᠨ ᠰᠢᠨ᠎ᠡ ᠳᠡᠭᠡᠭᠰᠢᠯᠡᠯᠲᠡ᠎ᠲᠠᠢ ᠪᠣᠯᠭ᠋ᠠᠨ᠂ ᠳᠠᠬᠢᠨ ᠰᠢᠨ᠎ᠡ ᠬᠢᠷᠢ ᠲᠦᠪᠰᠢᠨ᠎ᠳᠤ ᠭᠠᠷᠭ᠋ᠠᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠣᠨᠣᠯ ᠵᠶ᠋ᠠᠷ ᠬᠥᠮᠥᠨ᠎ᠢ ᠵᠡᠪᠰᠡᠭᠯᠡᠬᠦ ᠵᠢ ᠪᠠᠷᠢᠮᠲᠠᠯᠠᠨ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠶᠣᠰᠣᠭ᠋ᠠᠷ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠤᠬᠠᠭᠤᠯᠤᠨ ᠲᠤᠭᠤᠰᠢᠯᠠᠭᠤᠯᠬᠤ᠎ᠪᠠᠷ ᠢᠮᠠᠭᠲᠠ ᠤᠬᠠᠭᠤᠯᠭ᠎ᠠ ᠬᠥᠮᠥᠵᠢᠯ᠎ᠤᠨ ᠠᠵᠢᠯ᠎ᠤᠨ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠤᠬᠠᠭᠤᠯᠤᠨ ᠲᠤᠭᠤᠰᠢᠯᠠᠭᠤᠯᠬᠤ ᠵᠢ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠣᠭᠣᠷᠢᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠢᠭᠡᠳᠦᠭᠡᠷ ᠤᠳᠠᠭ᠋ᠠᠨ᠎ᠤ ᠬᠤᠷᠠᠯ᠎ᠳᠤ ᠣᠷᠣᠯᠴᠠᠭᠰᠠᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠵᠶ᠋ᠡᠷ ᠬᠢᠨᠠᠨ ᠵᠥᠪᠯᠡᠭᠦᠯᠬᠦ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠤᠬᠠᠭᠤᠯᠬᠤ᠎ᠲᠠᠢ ᠨᠢᠭᠲᠠ ᠤᠶᠠᠯᠳᠤᠭᠤᠯᠵᠤ᠂ ᠥᠷᠭᠡᠨ ᠣᠯᠠᠨ ᠺᠠᠳ᠋ᠷ᠎ᠤᠨ ᠶᠡᠷᠦᠩᠬᠡᠢ ᠱᠦᠵᠢ ᠵᠢᠨ ᠳᠣᠲᠣᠨᠣ ᠬᠦᠰᠡᠯ ᠪᠠ ᠨᠠᠢ᠌ᠳᠠᠯᠭ᠎ᠠ ᠵᠢ ᠪᠠᠲᠤ ᠴᠡᠭᠡᠵᠢᠯᠡᠨ᠂ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠨ᠂ ᠦᠨᠡᠨ ᠪᠣᠳᠠᠲᠠᠢ ᠦᠢ᠍ᠯᠡ ᠠᠵᠢᠯᠯᠠᠭ᠎ᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ᠎ᠪᠠᠷ ᠵᠶ᠋ᠠᠨ ᠴᠢᠨᠠᠷᠯᠢᠭ ᠬᠥᠭᠵᠢᠯᠲᠡ᠎ᠳᠤ ᠬᠦᠴᠦᠯᠡᠬᠦ ᠵᠢ ᠬᠥᠲᠥᠯᠥᠨ ᠵᠢᠯᠣᠭᠣᠳᠬᠤ ᠬᠡᠷᠡᠭᠲᠡᠢ; ᠵᠥᠪ ᠶᠠᠷᠢᠶ᠎ᠠ ᠬᠡᠯᠡᠯᠴᠡᠭᠡ᠎ᠪᠠᠷ ᠬᠥᠮᠥᠰ᠎ᠢ ᠬᠥᠲᠥᠯᠥᠨ ᠵᠢᠯᠣᠭᠣᠳᠬᠤ ᠵᠢ ᠪᠠᠷᠢᠮᠲᠠᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠢ᠎ᠪᠠᠷ ᠦᠢ᠍ᠯᠡᠳᠦᠯ ᠵᠶ᠋ᠡᠨ ᠪᠠᠳᠠᠷᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠭᠦᠨᠵᠡᠭᠡᠢ ᠤᠬᠠᠭᠤᠯᠤᠨ ᠲᠠᠢ᠌ᠯᠪᠤᠷᠢᠯᠠᠵᠤ᠂ ᠳᠡᠭᠡᠳᠦ ᠱᠠᠲᠤᠨ᠎ᠤ ᠰᠢᠨ᠎ᠡ ᠪᠠᠢ᠌ᠷᠢᠯᠠᠭᠤᠯᠤᠯᠲᠠ᠂ ᠰᠢᠨ᠎ᠡ ᠱᠠᠭ᠋ᠠᠷᠳᠠᠯᠭ᠎ᠠ ᠵᠢ ᠬᠠᠮᠤᠭ᠎ᠤᠨ ᠲᠦᠷᠦᠭᠦᠨ᠎ᠳᠤ ᠤᠬᠠᠭᠤᠯᠤᠨ ᠲᠠᠢ᠌ᠯᠤᠮᠵᠢ ᠬᠢᠵᠦ᠂ ᠬᠥᠮᠥᠰ᠎ᠤᠨ ᠦᠵᠡᠯ ᠰᠠᠨᠠᠭ᠋ᠠᠨ᠎ᠤ ᠲᠠᠯ᠎ᠠ ᠵᠢᠨ ᠪᠠᠯᠠᠷᠬᠠᠢ ᠲᠠᠨᠢᠯᠲᠠ ᠵᠢ ᠦᠨᠡᠨ ᠬᠦ᠌ ᠲᠣᠳᠣᠷᠬᠠᠢ᠌ᠯᠠᠵᠤ᠂ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ᠎ᠤᠳ᠎ᠤᠨ ᠵᠥᠪ ᠬᠥᠭᠵᠢᠯᠲᠡ ᠵᠢᠨ ᠦᠵᠡᠯᠲᠡ ᠵᠠᠰᠠᠭ᠎ᠤᠨ ᠠᠮᠵᠢᠯᠲᠠ ᠵᠢᠨ ᠦᠵᠡᠯᠲᠡ ᠵᠢ ᠯᠠᠪᠳᠠᠭᠤᠨ ᠪᠠᠲᠤᠲᠠᠢ ᠪᠣᠢ ᠪᠣᠯᠭ᠋ᠠᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠬᠦ ᠵᠢ ᠬᠥᠲᠥᠯᠥᠨ ᠵᠢᠯᠣᠭᠣᠳᠬᠤ ᠬᠡᠷᠡᠭᠲᠡᠢ᠃ ᠡᠷᠬᠢᠮ ᠳᠡᠭᠡᠳᠦ ᠵᠣᠷᠢᠭ ᠰᠠᠨᠠᠭ᠎ᠠ᠎ᠪᠠᠷ ᠬᠥᠮᠥᠰ᠎ᠢ ᠬᠥᠮᠥᠵᠢᠭᠦᠯᠬᠦ ᠵᠢ ᠪᠠᠷᠢᠮᠲᠠᠯᠠᠨ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠨᠢᠭᠡᠴᠢ ᠵᠢᠨ ᠵᠶ᠋ᠡᠨ ᠳᠣᠲᠣᠷᠠᠬᠢ ᠠᠵᠢᠯ᠎ᠤᠨ ᠪᠠᠢ᠌ᠷᠢ᠎ᠪᠠᠨ ᠡᠷᠬᠢᠮᠯᠡᠨ ᠠᠵᠢᠯ ᠦᠢ᠍ᠯᠡᠰ ᠵᠶ᠋ᠡᠨ ᠳᠡᠭᠡᠳᠦᠯᠡᠬᠦ᠂ ᠬᠦᠨᠳᠦ ᠡᠭᠦᠷᠭᠡ ᠵᠢ ᠵᠣᠷᠢᠭᠲᠠᠢ ᠡᠭᠦᠷᠭᠡᠯᠡᠬᠦ᠂ ᠵᠣᠷᠢᠭᠲᠠᠢ᠎ᠪᠠᠷ ᠰᠢᠨ᠎ᠡ ᠵᠢ ᠡᠭᠦᠳᠬᠦ᠂ ᠳᠤᠷᠠᠲᠠᠶ᠎ᠠ ᠬᠤᠪᠢ ᠨᠡᠮᠡᠷᠢ᠎ᠪᠠᠨ ᠬᠠᠨᠳᠢᠪᠯᠠᠬᠤ ᠠᠵᠢᠯ᠎ᠤᠨ ᠵᠢᠱ᠌ᠢᠶᠡᠴᠢ ᠪᠠ ᠨᠡᠢ᠌ᠲᠡᠯᠢᠭ ᠥᠯᠢᠭᠡᠷ ᠬᠡᠪ᠎ᠢ ᠢᠯᠡᠷᠡᠭᠦᠯᠬᠦ ᠪᠠ ᠬᠥᠮᠥᠵᠢᠭᠦᠯᠬᠦ ᠵᠢ ᠴᠢᠬᠤᠯᠠᠴᠢᠯᠠᠵᠤ᠂ ᠲᠡᠳᠡᠨᠦᠰ᠎ᠤᠨ ᠲᠡᠷᠢᠭᠦᠨ᠎ᠤ ᠦᠢ᠍ᠯᠡ ᠠᠵᠢᠯᠯᠠᠭ᠎ᠠ᠂ ᠬᠥᠮᠥᠰ᠎ᠤᠨ ᠰᠡᠳᠬᠢᠯ᠎ᠢ ᠳᠣᠭᠳᠣᠯᠤᠭᠤᠯᠤᠭᠰᠠᠨ ᠥᠯᠢᠭᠡᠷ ᠵᠢᠱ᠌ᠢᠶ᠎ᠡ ᠵᠢ ᠢᠳᠡᠪᠬᠢᠲᠡᠢ ᠤᠬᠠᠭᠤᠯᠵᠤ᠂ ᠨᠡᠩ ᠡᠷᠡᠮᠡᠬᠡᠢ᠌ᠯᠡᠨ ᠤᠷᠤᠭᠰᠢᠯᠠᠵᠤ᠂ ᠣᠶᠣᠨ ᠬᠦᠴᠦᠨ ᠵᠶ᠋ᠡᠨ ᠰᠢᠪᠬᠠᠨ ᠠᠵᠢᠯᠯᠠᠬᠤ ᠪᠠᠢ᠌ᠭᠤᠯᠭ᠎ᠠ ᠵᠢᠨ ᠰᠣᠶᠣᠯ᠎ᠢ ᠬᠥᠮᠥᠵᠢᠭᠦᠯᠦᠨ ᠪᠦᠷᠢᠯᠳᠦᠭᠦᠯᠬᠦ᠎ᠪᠠᠷ ᠴᠢᠷᠮᠠᠢ᠌ᠬᠤ ᠬᠡᠷᠡᠭᠲᠡᠢ; ᠰᠢᠯᠢᠳᠡᠭ ᠵᠣᠬᠢᠶᠠᠯ ᠪᠦᠲᠦᠭᠡᠯ ᠵᠶ᠋ᠡᠷ ᠬᠥᠮᠥᠰ᠎ᠢ ᠤᠷᠮᠠᠰᠢᠭᠤᠯᠬᠤ ᠵᠢ ᠪᠠᠷᠢᠮᠲᠠᠯᠠᠨ᠂ ᠰᠣᠨᠢᠨ ᠮᠡᠳᠡᠭᠡᠨ᠎ᠤ ᠤᠬᠠᠭᠤᠯᠭ᠎ᠠ ᠵᠢᠨ ᠪᠦᠲᠦᠭᠡᠭᠳᠡᠬᠦᠨ᠎ᠢ ᠵᠣᠬᠢᠶᠠᠨ ᠪᠦᠲᠦᠭᠡᠬᠦ ᠵᠢ ᠦᠨᠡᠨ ᠬᠦ᠌ ᠴᠢᠬᠤᠯᠠᠴᠢᠯᠠᠵᠤ᠂ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠂ ᠴᠢᠬᠤᠯᠠ ᠠᠵᠢᠯ᠎ᠤᠨ ᠠᠬᠢᠯᠲᠠ᠂ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠡᠷᠭᠡ ᠣᠯᠠᠨ ᠲᠦᠮᠡᠨ᠎ᠤ ᠠᠩᠬᠠᠷᠤᠨ ᠬᠠᠯᠠᠮᠵᠢᠯᠠᠵᠤ ᠪᠠᠢ᠌ᠭ᠎ᠠ ᠠᠰᠠᠭᠤᠳᠠᠯ᠎ᠤᠨ ᠲᠣᠭᠣᠷᠢᠨ᠎ᠳᠤ ᠴᠢᠩᠭ᠎ᠠ ᠨᠢᠭᠲᠠᠷᠠᠨ ᠮᠠᠲ᠋ᠧᠷᠢᠶᠠᠯ ᠵᠶ᠋ᠠᠨ ᠡᠷᠢᠵᠦ᠂ ᠬᠠᠷᠠᠭ᠋ᠠᠰᠤ᠎ᠪᠠᠨ ᠣᠨᠣᠪᠴᠢᠲᠠᠢ ᠰᠣᠩᠭᠣᠨ᠂ ᠡᠬᠡ ᠪᠢᠴᠢᠭ᠎ᠢ ᠡᠭᠦᠳᠦᠨ ᠪᠦᠲᠦᠭᠡᠵᠦ᠂ ᠤᠬᠠᠭᠤᠯᠭ᠎ᠠ ᠵᠢᠨ ᠡᠬᠡ ᠪᠢᠴᠢᠭ ᠨᠢᠭᠡᠪᠦᠷᠢ ᠵᠢ ᠴᠢᠩᠭ᠎ᠠ ᠬᠢᠨᠠᠨ ᠬᠠᠷᠭᠤᠭᠤᠯᠵᠤ ᠡᠵᠡᠮᠳᠡᠨ᠂ ᠤᠯᠤᠰ ᠲᠥᠷᠥ ᠵᠢᠨ ᠪᠣᠭᠣᠮᠲᠠ ᠵᠢ ᠴᠢᠩᠭ᠎ᠠ ᠡᠵᠡᠮᠳᠡᠬᠦ᠎ᠪᠠᠷ ᠪᠠᠷᠠᠬᠤ ᠦᠭᠡᠢ᠂ ᠠᠭᠤᠯᠭ᠎ᠠ ᠵᠢᠨ ᠪᠣᠭᠣᠮᠲᠠ᠂ ᠬᠡᠯᠪᠡᠷᠢ ᠵᠢᠨ ᠪᠣᠭᠣᠮᠲᠠ᠂ ᠦᠰᠦᠭ ᠪᠢᠴᠢᠭ᠎ᠤᠨ ᠪᠣᠭᠣᠮᠲᠠ ᠵᠢ ᠴᠢᠩᠭ᠎ᠠ ᠡᠵᠡᠮᠳᠡᠵᠦ᠂ ᠤᠳᠤᠷᠢᠳᠤᠮᠵᠢ᠎ᠨᠢ ᠵᠥᠪ᠂ ᠣᠯᠠᠨ ᠲᠦᠮᠡᠨ᠎ᠤ ᠰᠣᠨᠢᠷᠬᠠᠯ᠎ᠢ ᠲᠠᠲᠠᠵᠤ ᠴᠢᠳᠠᠬᠤ᠂ ᠨᠥᠯᠥᠭᠡᠯᠡᠬᠦ ᠬᠦᠴᠦᠨ ᠵᠶ᠋ᠡᠷ ᠴᠢᠩᠭ᠎ᠠ ᠣᠬᠢ ᠰᠢᠯᠢᠳᠡᠭ ᠪᠦᠲᠦᠭᠡᠯ᠎ᠢ ᠦᠨᠡᠨ ᠬᠦ᠌ ᠵᠣᠬᠢᠶᠠᠨ ᠪᠦᠲᠦᠭᠡᠵᠦ᠂ ᠶᠠᠷᠢᠶ᠎ᠠ ᠬᠡᠯᠡᠯᠴᠡᠭᠡ ᠵᠢ ᠨᠡᠩ ᠰᠠᠢ᠌ᠲᠤᠷ ᠬᠥᠲᠥᠯᠥᠨ ᠵᠢᠯᠣᠭᠣᠳᠴᠤ᠂ ᠰᠣᠨᠢᠨ ᠮᠡᠳᠡᠭᠡᠨ᠎ᠤ ᠤᠬᠠᠭᠤᠯᠭ᠎ᠠ ᠵᠢᠨ ᠭᠣᠣᠯᠯᠠᠨ ᠵᠢᠯᠣᠭᠣᠳᠬᠤ ᠡᠷᠬᠡ ᠪᠠ ᠦᠭᠡ ᠬᠡᠯᠡᠬᠦ ᠡᠷᠬᠡ ᠵᠢ ᠯᠠᠪᠳᠠᠭᠤᠨ ᠪᠠᠲᠤᠲᠠᠢ ᠡᠵᠡᠮᠰᠢᠬᠦ ᠬᠡᠷᠡᠭᠲᠡᠢ ᠭᠡᠵᠡᠢ᠃
      ᠰᠢᠶᠠᠩ ᠳ᠋ᠦᠩ ᠱᠠᠭ᠋ᠠᠷᠳᠠᠬᠤ᠎ᠳᠤ᠎ᠪᠠᠨ᠂ ᠪᠦᠬᠦ ᠣᠷᠣᠨ᠎ᠤ ᠳᠡᠭᠡᠳᠦ ᠳᠣᠣᠷᠠᠳᠤ ᠱᠠᠲᠤ᠎ᠪᠠᠷ ᠵᠶ᠋ᠠᠨ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠳᠤ ᠦᠨᠡᠨ ᠬᠦ᠌ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ᠃ ᠣᠳᠣᠬᠠᠨ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠨᠢ ᠨᠢᠭᠡᠨᠲᠡ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠡᠮᠦᠨ᠎ᠡ ᠹᠷᠣᠨᠲ᠎ᠤᠨ ᠪᠡᠬᠢᠯᠡᠯᠲᠡ ᠪᠣᠯᠵᠤ᠂ ᠣᠯᠠᠨ ᠵᠶ᠋ᠠᠷ ᠵᠶ᠋ᠠᠨ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠨ᠂ ᠡᠯ᠎ᠡ ᠵᠦᠢ᠍ᠯ᠎ᠤᠨ ᠠᠵᠢᠯ᠎ᠢ ᠭᠦᠨᠵᠡᠭᠡᠢ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠤᠬᠠᠭᠤᠯᠭ᠎ᠠ ᠬᠥᠮᠥᠵᠢᠯ᠎ᠤᠨ ᠠᠵᠢᠯ᠎ᠢ ᠨᠡᠩ ᠲᠣᠪᠣᠢ᠌ᠮ᠎ᠠ ᠪᠠᠢ᠌ᠷᠢᠨ᠎ᠳᠤ ᠲᠠᠯᠪᠢᠨ ᠠᠳᠬᠤᠵᠤ᠂ ᠭᠣᠣᠯ ᠤᠳᠤᠷᠢᠳᠤᠯᠭ᠎ᠠ᠎ᠠᠴᠠ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠨ᠂ ᠠᠵᠢᠯ ᠵᠶ᠋ᠠᠨ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠲᠤᠰ ᠨᠢᠭᠡᠴᠢ ᠵᠢᠨ ᠵᠶ᠋ᠡᠨ ᠤᠬᠠᠭᠤᠯᠭ᠎ᠠ ᠬᠥᠮᠥᠵᠢᠯ᠎ᠤᠨ ᠠᠵᠢᠯ ᠵᠶ᠋ᠠᠨ ᠡᠵᠡᠮᠳᠡᠨ ᠴᠢᠭᠯᠡᠯ᠎ᠢ᠎ᠨᠢ ᠲᠣᠭᠲᠠᠭ᠋ᠠᠬᠤ ᠬᠡᠷᠡᠭᠲᠡᠢ; ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠳ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ ᠵᠢ ᠴᠢᠬᠤᠯᠠᠴᠢᠯᠠᠨ᠂ ᠠᠵᠢᠯ᠎ᠤᠨ ᠳᠤᠮᠳᠠ ᠲᠣᠬᠢᠶᠠᠯᠳᠤᠭᠰᠠᠨ ᠬᠦᠴᠢᠷᠳᠡᠯ᠎ᠢ ᠴᠠᠭ ᠲᠤᠬᠠᠢ᠎ᠳᠤ᠎ᠨᠢ ᠵᠣᠬᠢᠴᠠᠭᠤᠯᠤᠨ ᠰᠢᠢ᠍ᠳᠪᠦᠷᠢᠯᠡᠵᠦ᠂ ᠣᠨᠴᠠᠭ᠋ᠠᠢ᠌ᠯᠠᠨ ᠰᠣᠨᠢᠨ ᠮᠡᠳᠡᠭᠡ ᠨᠡᠢ᠌ᠲᠡᠯᠡᠬᠦ᠂ ᠴᠢᠬᠤᠯᠠ ᠶᠡᠬᠡ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠰᠢᠢ᠍ᠳᠪᠦᠷᠢᠯᠡᠬᠦ ᠵᠡᠷᠭᠡ ᠴᠢᠬᠤᠯᠠ ᠵᠦᠢ᠍ᠯᠡᠰ᠎ᠢ ᠠᠰᠠᠭᠤᠬᠤ᠂ ᠪᠠᠢ᠌ᠷᠢᠯᠠᠭᠤᠯᠬᠤ᠎ᠪᠠᠨ ᠴᠢᠩᠭ᠋ᠠᠳᠬᠠᠵᠤ᠂ ᠠᠰᠠᠭᠤᠳᠠᠯ ᠡᠭᠦᠰᠬᠦ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ; ᠤᠬᠠᠭᠤᠯᠭ᠎ᠠ ᠬᠥᠮᠥᠵᠢᠯ᠎ᠤᠨ ᠬᠦᠴᠦᠨ᠎ᠤ ᠲᠣᠬᠢᠷᠠᠭᠤᠯᠤᠯᠲᠠ ᠵᠢ ᠴᠢᠩᠭ᠋ᠠᠷᠠᠭᠤᠯᠵᠤ᠂ ᠲᠤᠰᠬᠠᠢ ᠲᠤᠰᠢᠶᠠᠯᠲᠤ ᠺᠠᠳ᠋ᠷ᠎ᠤᠨ ᠡᠩᠨᠡᠭᠡ ᠵᠢ ᠰᠢᠯᠭ᠋ᠠᠷᠠᠭᠤᠯᠤᠨ ᠰᠣᠩᠭᠣᠵᠤ ᠴᠢᠩᠭ᠎ᠠ ᠲᠣᠬᠢᠷᠠᠭᠤᠯᠤᠨ᠂ ᠠᠵᠢᠯ᠎ᠤᠨ ᠵᠠᠷᠤᠳᠠᠯ᠎ᠢ ᠢᠳᠡᠪᠬᠢᠲᠡᠢ ᠨᠡᠮᠡᠭᠳᠡᠭᠦᠯᠵᠦ᠂ ᠴᠢᠬᠤᠯᠠᠲᠠᠢ ᠪᠡᠯᠡᠳᠬᠡᠮᠵᠢ ᠲᠥᠬᠥᠭᠡᠷᠦᠮᠵᠢ ᠵᠢ ᠲᠡᠭᠦᠯᠳᠡᠷᠵᠢᠭᠦᠯᠵᠦ᠂ ᠤᠬᠠᠭᠤᠯᠭ᠎ᠠ ᠬᠥᠮᠥᠵᠢᠯ ᠵᠢᠨ ᠠᠵᠢᠯ᠎ᠢ ᠨᠡᠩ ᠰᠠᠢ᠌ᠲᠤᠷ ᠥᠷᠨᠢᠭᠦᠯᠬᠦ᠎ᠳᠤ ᠪᠠᠲᠤᠯᠠᠭ᠎ᠠ ᠬᠠᠩᠭ᠋ᠠᠬᠤ ᠬᠡᠷᠡᠭᠲᠡᠢ᠃ ᠡᠯ᠎ᠡ ᠱᠠᠲᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠤᠨ ᠬᠥᠮᠥᠵᠢᠭᠦᠯᠬᠦ ᠰᠠᠯᠠᠭ᠎ᠠ ᠮᠥᠴᠢᠷ᠎ᠤᠳ ᠲᠠᠨᠢᠯᠲᠠ᠎ᠪᠠᠨ ᠳᠡᠭᠡᠭᠰᠢᠯᠡᠭᠦᠯᠦᠨ᠂ ᠥᠪᠡᠷ ᠵᠶ᠋ᠡᠨ ᠠᠵᠢᠯ᠎ᠤᠨ ᠳᠠᠷᠤᠭ᠋ᠠᠰᠤ᠎ᠪᠠᠨ ᠨᠡᠮᠡᠭᠳᠡᠭᠦᠯᠵᠦ᠂ ᠳᠣᠲᠣᠭ᠋ᠠᠳᠤ ᠵᠢᠨ ᠡᠩᠨᠡᠭᠡ ᠵᠢᠨ ᠪᠠᠢ᠌ᠭᠤᠯᠤᠯᠲᠠ᠎ᠪᠠᠨ ᠴᠢᠩᠭ᠎ᠠ ᠠᠳᠬᠤᠬᠤ ᠬᠡᠷᠡᠭᠲᠡᠢ᠃ ᠰᠤᠷᠤᠯᠴᠠᠭᠤᠯᠤᠨ   ᠪᠣᠯᠪᠠᠰᠤᠷᠠᠭᠤᠯᠬᠤ   ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠥᠷᠭᠡᠨ   ᠣᠯᠠᠨ   ᠺᠠᠳ᠋ᠷ᠎ᠤᠨ ᠤᠬᠠᠭᠤᠯᠤᠨ   ᠲᠥᠯᠥᠪᠵᠢᠭᠦᠯᠬᠦ   ᠴᠢᠳᠠᠪᠤᠷᠢ᠂ ᠵᠣᠬᠢᠶᠠᠯ ᠪᠦᠲᠦᠭᠡᠯ ᠡᠭᠦᠳᠦᠨ ᠪᠦᠲᠦᠭᠡᠬᠦ ᠴᠢᠳᠠᠪᠤᠷᠢ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠰᠤᠳᠤᠯᠤᠨ ᠮᠠᠭ᠋ᠠᠳᠯᠠᠵᠤ ᠠᠷᠭ᠋ᠠᠴᠠᠭ᠋ᠠᠬᠤ ᠴᠢᠳᠠᠪᠤᠷᠢ᠂ ᠰᠢᠨ᠎ᠡ ᠵᠠᠭᠤᠴᠢᠯᠠᠭᠤᠷ᠎ᠢ ᠬᠡᠷᠡᠭᠯᠡᠬᠦ ᠴᠢᠳᠠᠪᠤᠷᠢ ᠪᠠ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠥᠷᠥ ᠴᠢᠩᠭ᠎ᠠ᠂ ᠡᠷᠳᠡᠮ ᠴᠢᠳᠠᠪᠤᠷᠢ ᠥᠨᠳᠥᠷ᠂ ᠣᠪᠣᠷ ᠰᠤᠷᠲᠠᠯ ᠰᠠᠢ᠌ᠨ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠪᠡᠷᠬᠡ ᠵᠢ ᠣᠨᠴᠠᠭ᠋ᠠᠢ ᠲᠡᠰᠪᠦᠷᠢᠯᠡᠵᠦ ᠳᠡᠢ᠌ᠯᠬᠦ᠂ ᠣᠨᠴᠠᠭ᠋ᠠᠢ ᠪᠠᠢ᠌ᠯᠳᠤᠨ ᠲᠡᠮᠡᠴᠡᠵᠦ ᠳᠡᠢ᠌ᠯᠬᠦ᠂ ᠬᠤᠪᠢ ᠨᠡᠮᠡᠷᠢ᠎ᠪᠠᠷ ᠣᠨᠴᠠᠭ᠋ᠠᠢ ᠬᠠᠨᠳᠢᠪᠯᠠᠵᠤ ᠳᠡᠢ᠌ᠯᠬᠦ 《ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ》᠎ᠤᠨ ᠪᠠᠷᠢᠮᠵᠢᠶ᠎ᠠ ᠶᠣᠰᠣᠭ᠋ᠠᠷ᠂ ᠣᠪᠣᠷ ᠰᠤᠷᠲᠠᠯ ᠵᠶ᠋ᠠᠨ ᠳᠠᠪᠲᠠᠨ ᠪᠣᠯᠪᠠᠰᠤᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠢ ᠥᠨᠳᠥᠷ ᠬᠢᠷᠢ ᠲᠦᠪᠰᠢᠨ ᠵᠶ᠋ᠡᠷ ᠥᠷᠨᠢᠭᠦᠯᠬᠦ᠎ᠳᠤ ᠨᠡᠩ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠳ᠋ᠦᠩᠨᠡᠯᠲᠡ ᠵᠢᠨ ᠶᠠᠷᠢᠶᠠᠨ᠎ᠳᠤ᠎ᠪᠠᠨ᠂ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠳᠦᠯ ᠵᠶ᠋ᠡᠨ ᠪᠠᠳᠠᠷᠠᠭᠤᠯᠤᠨ᠂ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠪᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ᠎ᠪᠠᠷ ᠰᠠᠢ᠌ᠲᠤᠷ ᠨᠠᠢ᠌ᠳᠠᠪᠤᠷᠢᠵᠢᠭᠤᠯᠵᠤ᠂ ᠨᠢᠭᠡᠨ 《ᠭᠣᠣᠯ ᠡᠭᠦᠷᠭᠡ》᠎ᠳᠤ ᠠᠩᠬᠠᠷᠤᠭᠤᠯᠤᠨ ᠲᠥᠪᠯᠡᠷᠡᠭᠦᠯᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠦᠬᠦ ᠤᠯᠤᠰ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠥᠷᠭᠡᠨ ᠳᠡᠯᠭᠡᠷ ᠪᠥᠭᠡᠳ ᠭᠦᠨᠵᠡᠭᠡᠢ ᠤᠬᠠᠭᠤᠯᠬᠤ ᠬᠡᠷᠡᠭᠲᠡᠢ᠃ ᠡᠭᠦᠨ᠎ᠳᠤ 《ᠲᠠᠪᠤᠨ ᠭᠣᠣᠯᠳᠠᠯᠭ᠎ᠠ》 ᠵᠢ ᠡᠵᠡᠮᠳᠡᠬᠦ ᠬᠡᠷᠡᠭᠲᠡᠢ᠃ ᠨᠢᠭᠡ᠎ᠳᠤ᠂ ᠰᠣᠨᠢᠨ ᠮᠡᠳᠡᠭᠡᠨ᠎ᠤ ᠤᠬᠠᠭᠤᠯᠭ᠎ᠠ ᠵᠢᠨ ᠦᠭᠡ ᠬᠡᠯᠡᠬᠦ ᠡᠷᠬᠡ ᠪᠠ ᠭᠣᠣᠯᠯᠠᠨ ᠵᠢᠯᠣᠭᠣᠳᠬᠤ ᠡᠷᠬᠡ ᠵᠢ ᠯᠠᠪᠳᠠᠭᠤᠨ ᠪᠠᠲᠤᠲᠠᠢ ᠡᠵᠡᠮᠳᠡᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠭᠣᠣᠯ ᠬᠥᠭ ᠠᠶᠠᠰ᠎ᠢ ᠴᠤᠤᠷᠢᠶᠠᠲᠤᠭᠤᠯᠬᠤ ᠬᠡᠷᠡᠭᠲᠡᠢ; ᠬᠣᠶᠠᠷ᠎ᠲᠤ᠂ ᠰᠦᠯᠵᠢᠶᠡᠨ᠎ᠤ ᠳᠠᠮᠵᠢᠭᠤᠯᠭ᠎ᠠ ᠵᠢᠨ ᠭᠣᠣᠯ ᠪᠡᠬᠢᠯᠡᠯᠲᠡ ᠵᠢ ᠢᠮᠠᠭᠲᠠ ᠡᠵᠡᠯᠡᠨ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠷᠢᠶ᠎ᠠ ᠬᠡᠯᠡᠯᠴᠡᠭᠡᠨ᠎ᠤ ᠰᠠᠨᠠᠭ᠋ᠠᠴᠢᠯᠠᠭ᠋ᠠᠲᠤ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠬᠡᠷᠡᠭᠲᠡᠢ; ᠭᠤᠷᠪᠠ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠥᠪᠥᠷ ᠮᠣᠩᠭᠣᠯ᠎ᠳᠠᠬᠢ ᠥᠯᠢᠭᠡᠷ᠎ᠢ ᠰᠠᠢ᠌ᠲᠤᠷ ᠤᠬᠠᠭᠤᠯᠵᠤ᠂ ᠶᠠᠷᠢᠶ᠎ᠠ ᠬᠡᠯᠡᠯᠴᠡᠭᠡᠨ᠎ᠤ ᠳᠠᠮᠵᠢᠭᠤᠯᠭ᠎ᠠ ᠵᠢᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ; ᠳᠥᠷᠪᠡ᠎ᠳᠤ᠂ ᠪᠦᠬᠦ ᠨᠡᠢ᠌ᠭᠡᠮ᠎ᠤᠨ ᠬᠦᠴᠦᠨ᠎ᠢ ᠤᠬᠠᠭᠤᠯᠤᠨ ᠳᠠᠢ᠌ᠴᠢᠯᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠢᠭᠡᠳᠦᠮᠡᠯ ᠹᠷᠣᠨᠲ᠎ᠢ ᠪᠠᠢ᠌ᠭᠤᠯᠬᠤ ᠬᠡᠷᠡᠭᠲᠡᠢ; ᠲᠠᠪᠤ᠎ᠳᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠤᠬᠠᠭᠤᠯᠭ᠎ᠠ ᠵᠢ ᠴᠢᠩᠭ᠋ᠠᠳᠬᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠩᠨᠡᠭᠡ ᠵᠢᠨ ᠰᠠᠢ᠌ᠨ ᠰᠠᠢ᠌ᠬᠠᠨ ᠳᠦᠷᠢ ᠲᠥᠷᠬᠦ ᠵᠢ ᠢᠯᠡᠷᠡᠭᠦᠯᠬᠦ ᠬᠡᠷᠡᠭᠲᠡᠢ᠃ 《ᠳᠣᠯᠣᠭ᠋ᠠᠨ ᠭᠠᠷᠳᠠᠯ》 ᠵᠢ ᠲᠣᠪᠣᠢ᠌ᠯᠭ᠋ᠠᠬᠤ ᠬᠡᠷᠡᠭᠲᠡᠢ᠃ ᠨᠢᠭᠡᠳᠦᠭᠡᠷ᠎ᠲᠤ᠂ ᠵᠤᠷᠰᠢᠯᠲᠤ ᠰᠣᠨᠢᠨ ᠮᠡᠳᠡᠭᠡ ᠨᠡᠢ᠌ᠲᠡᠯᠡᠬᠦ ᠠᠵᠢᠯ ᠵᠶ᠋ᠠᠷ ᠭᠠᠷᠳᠠᠯ ᠪᠣᠯᠭ᠋ᠠᠵᠤ᠂ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠬᠤ ᠬᠡᠷᠡᠭᠲᠡᠢ; ᠬᠣᠶᠠᠳᠤᠭ᠋ᠠᠷ᠎ᠲᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨ᠎ᠡ ᠵᠠᠭᠤᠴᠢᠯᠠᠭᠤᠷ᠎ᠤᠨ ᠵᠢᠭᠰᠠᠭ᠋ᠠᠯ᠎ᠤᠨ ᠪᠠᠢ᠌ᠭᠤᠯᠤᠯᠲᠠ᠎ᠪᠠᠷ ᠭᠠᠷᠳᠠᠯ ᠪᠣᠯᠭ᠋ᠠᠵᠤ᠂ ᠡᠬᠢ ᠪᠠᠶᠠᠯᠢᠭ᠎ᠢ ᠴᠡᠭᠴᠡᠯᠡᠨ ᠨᠡᠢ᠌ᠯᠡᠭᠦᠯᠬᠦ ᠵᠢ ᠠᠬᠢᠭᠤᠯᠬᠤ ᠬᠡᠷᠡᠭᠲᠡᠢ; ᠭᠤᠷᠪᠠᠳᠤᠭ᠋ᠠᠷ᠎ᠲᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢ ᠣᠯᠠᠨ ᠲᠦᠮᠡᠨ᠎ᠳᠤ ᠨᠡᠭᠡᠭᠡᠯᠲᠡ ᠬᠢᠬᠦ᠎ᠪᠠᠷ ᠭᠠᠷᠳᠠᠯ ᠪᠣᠯᠭ᠋ᠠᠵᠤ᠂ ᠨᠡᠢ᠌ᠭᠡᠮ᠎ᠤᠨ ᠤᠬᠠᠭᠤᠯᠭ᠎ᠠ ᠬᠥᠮᠥᠵᠢᠯ᠎ᠢ ᠴᠢᠩᠭ᠋ᠠᠳᠬᠠᠬᠤ ᠬᠡᠷᠡᠭᠲᠡᠢ; ᠳᠥᠷᠪᠡᠳᠦᠭᠡᠷ᠎ᠲᠤ᠂ ᠡᠯ᠎ᠡ ᠰᠠᠯᠠᠭ᠎ᠠ ᠮᠥᠴᠢᠷ ᠪᠠ ᠨᠢᠭᠡᠴᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠯᠤᠭ᠎ᠠ ᠪᠦᠲᠦᠮᠵᠢᠲᠡᠢ ᠨᠥᠬᠥᠴᠡᠯᠳᠦᠭᠦᠯᠬᠦ ᠵᠢ ᠴᠢᠩᠭ᠋ᠠᠳᠬᠠᠬᠤ᠎ᠪᠠᠷ ᠭᠠᠷᠳᠠᠯ ᠪᠣᠯᠭ᠋ᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠢᠭᠡᠳᠦᠮᠡᠯ ᠹᠷᠣᠨᠲ᠎ᠤᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ; ᠲᠠᠪᠤᠳᠤᠭ᠋ᠠᠷ᠎ᠲᠤ᠂ ᠣᠷᠴᠢᠨ ᠲᠣᠭᠣᠷᠢᠨ᠎ᠤ ᠰᠣᠶᠣᠯ᠎ᠤᠨ ᠪᠦᠲᠦᠭᠡᠭᠳᠡᠬᠦᠨ ᠵᠶ᠋ᠡᠷ ᠭᠠᠷᠳᠠᠯ ᠪᠣᠯᠭ᠋ᠠᠵᠤ᠂ ᠠᠮᠢ ᠠᠬᠤᠢ ᠵᠢᠨ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ; ᠵᠢᠷᠭᠤᠳᠤᠭ᠋ᠠᠷ᠎ᠲᠤ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠦᠢ᠍ᠯᠡᠳᠦᠯᠭᠡᠵᠢᠭᠦᠯᠦᠭᠴᠢ ᠮᠥᠨ》 ᠭᠡᠬᠦ ᠨᠡᠷᠡᠲᠦ ᠲᠡᠮᠳᠡᠭᠲᠦ ᠠᠵᠢᠯᠯᠠᠭ᠋ᠠᠨ ᠵᠶ᠋ᠠᠷ ᠭᠠᠷᠳᠠᠯ ᠪᠣᠯᠭ᠋ᠠᠵᠤ᠂ ᠣᠯᠠᠨ ᠲᠦᠮᠡᠨ᠎ᠤ ᠣᠷᠣᠯᠴᠠᠬᠤ ᠵᠢ ᠠᠬᠢᠭᠤᠯᠬᠤ ᠬᠡᠷᠡᠭᠲᠡᠢ; ᠳᠣᠯᠣᠳᠤᠭ᠋ᠠᠷ᠎ᠲᠤ᠂ 《6 · 5》 ᠵᠢᠨ ᠣᠷᠴᠢᠨ ᠲᠣᠭᠣᠷᠢᠨ᠎ᠤ ᠡᠳᠦᠷ ᠵᠡᠷᠭᠡ ᠤᠬᠠᠭᠤᠯᠭ᠎ᠠ ᠵᠢᠨ ᠠᠵᠢᠯᠯᠠᠭ᠋ᠠᠨ᠎ᠢ ᠰᠠᠢ᠌ᠵᠢᠷᠠᠭᠤᠯᠤᠨ ᠰᠠᠢ᠌ᠲᠤᠷ ᠬᠢᠬᠦ᠎ᠪᠠᠷ ᠭᠠᠷᠳᠠᠯ ᠪᠣᠯᠭ᠋ᠠᠵᠤ᠂ ᠣᠯᠠᠨ ᠲᠦᠮᠡᠨ᠎ᠤ ᠣᠷᠴᠢᠨ ᠲᠣᠭᠣᠷᠢᠨ᠎ᠤ ᠦᠵᠡᠯ ᠤᠬᠠᠮᠰᠠᠷ᠎ᠢ ᠴᠢᠩᠭ᠋ᠠᠷᠠᠭᠤᠯᠬᠤ ᠬᠡᠷᠡᠭᠲᠡᠢ ᠭᠡᠵᠦ ᠱᠠᠭ᠋ᠠᠷᠳᠠᠵᠠᠢ᠃
      ᠬᠤᠷᠠᠯ ᠳᠡᠭᠡᠷ᠎ᠡ᠂ ᠪᠤᠭᠤᠲᠤ ᠬᠣᠲᠠ᠂ ᠤᠯᠠᠭ᠋ᠠᠨᠴᠠᠪ ᠬᠣᠲᠠ ᠪᠠ ᠬᠢᠩᠭ᠋ᠠᠨ ᠠᠢ᠌ᠮᠠᠭ ᠨᠡᠢ᠌ᠲᠡᠯᠢᠭ ᠵᠢᠱ᠌ᠢᠶ᠎ᠡ᠎ᠪᠠᠷ ᠰᠣᠯᠢᠯᠴᠠᠬᠤ ᠦᠭᠡ ᠶᠠᠷᠢᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠪᠠᠢ᠌ᠭᠤᠯᠭ᠎ᠠ ᠵᠢᠨ ᠬᠠᠷᠢᠭᠤᠴᠠᠯᠭ᠋ᠠᠲᠠᠳ᠂ ᠡᠯ᠎ᠡ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ᠂ ᠬᠤᠪᠢᠳᠠᠨ ᠬᠠᠮᠢᠶᠠᠷᠴᠤ ᠪᠠᠢ᠌ᠭ᠎ᠠ ᠳᠠᠷᠤᠭ᠎ᠠ᠂ ᠤᠬᠠᠭᠤᠯᠭ᠎ᠠ ᠬᠥᠮᠥᠵᠢᠯ᠎ᠤᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠭᠰᠠᠨ᠎ᠤ ᠬᠠᠮᠲᠤ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠢ ᠬᠡᠷᠬᠢᠨ ᠤᠯᠠᠮ ᠨᠢᠭᠡ ᠠᠯᠬᠤᠮ ᠠᠬᠢᠭᠤᠯᠬᠤ ᠲᠤᠬᠠᠢ ᠶᠠᠷᠢᠯᠴᠠᠭ᠎ᠠ ᠬᠢᠵᠡᠢ᠃
      ᠲᠤᠰ ᠤᠳᠠᠭ᠋ᠠᠨ᠎ᠤ ᠬᠤᠷᠠᠯ ᠪᠣᠯ ᠣᠢ᠌ᠷ᠎ᠠ ᠵᠢᠨ ᠵᠢᠯ᠎ᠤᠳ᠎ᠠᠴᠠ ᠨᠠᠭ᠋ᠠᠰᠢᠬᠢ ᠥᠪᠡᠷᠲᠡᠭᠡᠨ ᠵᠠᠰᠠᠬᠤ ᠣᠷᠣᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠬᠤᠷᠠᠯ᠎ᠤᠨ ᠳᠡᠰ ᠪᠠᠷᠢᠮᠵᠢᠶ᠎ᠠ᠎ᠨᠢ ᠬᠠᠮᠤᠭ᠎ᠤᠨ ᠥᠨᠳᠥᠷ᠂ ᠬᠡᠪᠴᠢᠶ᠎ᠡ᠎ᠨᠢ ᠬᠠᠮᠤᠭ᠎ᠤᠨ ᠶᠡᠬᠡ᠂ ᠦᠷ᠎ᠡ ᠪᠦᠲᠦᠮᠵᠢ᠎ᠨᠢ ᠬᠠᠮᠤᠭ᠎ᠤᠨ ᠰᠠᠢ᠌ᠨ ᠨᠢᠭᠡ ᠤᠳᠠᠭ᠋ᠠᠨ᠎ᠤ ᠬᠤᠷᠠᠯ ᠪᠠᠢ᠌ᠵᠤ᠂ ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠢ ᠠᠬᠢᠭᠤᠯᠬᠤ᠎ᠳᠤ ᠴᠢᠭᠯᠡᠯ᠎ᠢ ᠵᠢᠭ᠋ᠠᠨ ᠲᠣᠳᠣᠷᠬᠠᠢ᠌ᠯᠠᠵᠤ᠂ ᠵᠢᠷᠤᠮᠯᠠᠯ ᠬᠠᠩᠭ᠋ᠠᠪᠠ᠃ ᠣᠯᠠᠨ ᠵᠶ᠋ᠠᠷ ᠵᠶ᠋ᠠᠨ ᠨᠡᠢ᠌ᠳᠡᠮ᠎ᠳᠤ᠎ᠪᠠᠨ ᠡᠷᠬᠡᠪᠰᠢ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠬᠦ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠨ᠂ ᠰᠢᠨ᠎ᠡ ᠴᠠᠭ ᠬᠤᠭᠤᠴᠠᠭ᠋ᠠᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ ᠭᠡᠵᠦ ᠢᠯᠡᠷᠬᠡᠢ᠌ᠯᠡᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠢᠦᠢ ᠯᠢ ᠰᠢᠨ ᠬᠥᠯᠥᠨ ᠪᠣᠢ᠌ᠷ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠭᠤᠷᠪᠠᠨ ᠵᠦᠢ᠍ᠯ᠎ᠤᠨ ᠭᠣᠣᠯᠳᠠᠯᠭ᠎ᠠ᠎ᠲᠠᠢ ᠠᠵᠢᠯ》᠎ᠢ ᠲᠣᠬᠢᠷᠠᠭᠤᠯᠬᠤ ᠦᠶ᠎ᠡ᠎ᠳᠤ ᠲᠠᠨᠢᠯᠲᠠ᠎ᠪᠠᠨ ᠳᠡᠭᠡᠭᠰᠢᠯᠡᠭᠦᠯᠦᠨ ᠪᠠᠷᠢᠮᠵᠢᠶ᠎ᠠ ᠵᠢ ᠪᠠᠷᠢᠮᠲᠠᠯᠠᠵᠤ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠦᠬᠦ ᠠᠵᠢᠯ᠎ᠤᠨ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠥᠷᠲᠡᠭᠡ ᠬᠢᠭᠡᠳ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠥᠷᠲᠡᠭᠡ ᠵᠢᠩᠬᠢᠨᠢ᠎ᠪᠠᠷ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠪᠠ
ᠬᠥᠬᠡᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠨᠡᠭᠦᠷᠡᠰᠦᠨ᠎ᠤ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠪᠠᠷᠢᠮᠵᠢᠶ᠎ᠠ᠎ᠠᠴᠠ ᠬᠡᠲᠦᠷᠡᠭᠰᠡᠨ ᠠᠵᠤ ᠠᠬᠤᠢ᠌ᠯᠠᠯ᠎ᠳᠤ ᠬᠦᠨᠳᠦ ᠴᠣᠬᠢᠯᠲᠠ ᠥᠭᠪᠡ
 
             蒙ICP备05000248号