ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
2018 ᠣᠨ᠎ᠤ ᠪᠦᠬᠦ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ ᠠᠮᠵᠢᠯᠲᠠ᠎ᠲᠠᠢ ᠥᠨᠳᠥᠷᠯᠡᠪᠡ
ᠨᠡᠶ᠋ᠢᠲᠡᠯᠡᠭᠰᠡᠨ ᠴᠠᠭ᠄ 2018-11-20

       《ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠳᠦᠷᠢᠮ》᠂ 《ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠲᠤᠬᠠᠢ ᠬᠡᠷᠡᠭᠵᠢᠭᠦᠯᠬᠦ ᠰᠠᠨᠠᠯ》᠂ 《〈ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠵᠤ ᠠᠪᠬᠤ ᠲᠦᠷ ᠬᠡᠷᠡᠭᠵᠢᠭᠦᠯᠬᠦ ᠠᠷᠭ᠎ᠠ〉 ᠵᠢ ᠨᠡᠢ᠌ᠲᠡᠯᠡᠬᠦ ᠲᠤᠬᠠᠢ ᠠᠯᠪᠠᠨ ᠵᠠᠷ》 ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠦᠨᠳᠦᠰᠦᠨ ᠱᠠᠲᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠳ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠠᠮᠢᠶᠠᠷᠤᠯᠲᠠ ᠵᠢᠨ ᠠᠵᠢᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 2018 ᠣᠨ᠎ᠤ 11 ᠳ᠋ᠦ᠍ᠭᠡᠷ ᠰᠠᠷ᠎ᠠ ᠵᠢᠨ 7᠎ᠤ ᠡᠳᠦᠷ᠎ᠠᠴᠠ 9᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠥᠬᠡᠬᠣᠲᠠ ᠵᠢᠨ ᠪᠢᠨ ᠶᠤᠸᠠᠢ ᠪᠠᠭᠤᠳᠠᠯ᠎ᠳᠤ 2018 ᠣᠨ᠎ᠤ ᠪᠦᠬᠦ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ ᠵᠢ ᠡᠷᠬᠢᠯᠡᠪᠡ᠃ ᠡᠯ᠎ᠡ ᠠᠢ᠌ᠮᠠᠭ ᠬᠣᠲᠠ᠂ ᠬᠣᠰᠢᠭᠤ ᠰᠢᠶᠠᠨ ᠲᠣᠭᠣᠷᠢᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠴᠢ ᠬᠢᠨᠠᠨ ᠵᠥᠪᠰᠢᠶᠡᠷᠡᠬᠦ ᠡᠷᠬᠡ ᠣᠯᠭᠣᠭᠰᠠᠨ ᠨᠡᠭᠡᠭᠡᠯᠲᠡ ᠵᠢᠨ ᠲᠣᠭᠣᠷᠢᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠢᠭᠡᠳ ᠰᠢᠯᠭ᠋ᠠᠨ ᠬᠤᠷᠢᠶᠠᠵᠤ ᠠᠪᠬᠤ ᠠᠵᠢᠯ᠎ᠤᠨ ᠬᠠᠷᠢᠭᠤᠴᠠᠯᠭ᠋ᠠᠲᠠᠳ ᠨᠡᠢ᠌ᠲᠡ 210 ᠰᠢᠬᠠᠮ ᠬᠥᠮᠥᠨ ᠲᠤᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠪᠠ᠃ ᠬᠢᠨᠠᠯᠲᠠ ᠲᠠᠯᠪᠢᠵᠤ ᠬᠠᠮᠢᠶᠠᠷᠬᠤ ᠭᠠᠵᠠᠷ᠎ᠤᠨ ᠳᠠᠷᠤᠭ᠎ᠠ ᠾᠧ ᠶᠠᠨ ᠨᠢᠩ ᠪᠣᠯᠪᠠᠰᠤᠷᠠᠯ᠎ᠤᠨ ᠠᠩᠭᠢ ᠵᠢᠨ ᠡᠬᠢᠯᠡᠯᠲᠡ ᠵᠢᠨ ᠶᠣᠰᠣᠯᠠᠯ᠎ᠢ ᠡᠷᠬᠢᠯᠡᠵᠦ᠂ ᠳᠡᠳ᠋ ᠲᠢᠩᠬᠢᠮ᠎ᠤᠨ   ᠳᠠᠷᠤᠭ᠎ᠠ   ᠳ᠋ᠦ᠋ ᠵᠢᠶᠦ᠋ᠨ ᠹᠧᠩ   ᠶᠣᠰᠣᠯᠠᠯ᠎ᠳᠤ   ᠣᠷᠣᠯᠴᠠᠭᠰᠠᠨ᠎ᠤ ᠬᠠᠮᠲᠤ   ᠴᠢᠬᠤᠯᠠ ᠶᠠᠷᠢᠶ᠎ᠠ ᠲᠠᠯᠪᠢᠵᠠᠢ᠃
      ᠳ᠋ᠦ᠋ ᠵᠢᠶᠦ᠋ᠨ ᠹᠧᠩ ᠵᠢᠭ᠋ᠠᠬᠤ᠎ᠳᠤ᠎ᠪᠠᠨ᠂ ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠠᠮᠢᠶᠠᠷᠤᠯᠲᠠ ᠵᠢᠨ ᠠᠵᠢᠯᠲᠠᠳ ᠡᠭᠦᠷᠭᠡ ᠬᠠᠷᠢᠭᠤᠴᠠᠯᠭ᠎ᠠ᠎ᠪᠠᠨ ᠪᠦᠲᠦᠮᠵᠢᠲᠡᠢ ᠭᠦᠢ᠍ᠴᠡᠳᠬᠡᠵᠦ᠂ ᠪᠠᠢ᠌ᠯᠳᠤᠬᠤ ᠪᠣᠳᠣᠯᠭ᠎ᠠ ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ᠂ ᠲᠥᠯᠥᠪᠵᠢᠭᠦᠯᠭᠡ ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ᠂ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ ᠎ᠤᠨ   ᠦᠨᠡᠯᠡᠯᠲᠡ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》   ᠥᠭᠡᠷᠡᠴᠢᠯᠡᠯᠲᠡ ᠵᠡᠷᠭᠡ   ᠲᠠᠯ᠎ᠠ ᠎ᠪᠠᠷ ᠭᠦᠢ᠍ᠴᠡᠳ ᠬᠦᠴᠦᠯᠡᠵᠦ᠂ ᠠᠵᠢᠯ᠎ᠳᠤ᠎ᠪᠠᠨ ᠨᠡᠯᠢᠶᠡᠳ ᠰᠠᠢ᠌ᠨ ᠦᠷ᠎ᠡ ᠪᠦᠲᠦᠮᠵᠢ ᠣᠯᠵᠠᠢ ᠭᠡᠪᠡ᠃
      ᠳ᠋ᠦ᠋ ᠵᠢᠶᠦ᠋ᠨ ᠹᠧᠩ ᠴᠢᠬᠤᠯᠠᠴᠢᠯᠠᠬᠤ᠎ᠳᠤ᠎ᠪᠠᠨ᠂ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ 《ᠲᠣᠮᠣ᠎ᠨᠢ ᠳᠤᠲᠠᠭᠳᠠᠵᠤ ᠰᠢᠨ᠎ᠡ᠎ᠨᠢ ᠳᠤᠲᠠᠭᠤᠳᠠᠬᠤ》᠂ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠭᠦᠢ᠍ᠴᠡᠳ ᠪᠤᠰᠤ ᠪᠠ ᠭᠣᠣᠯ ᠠᠵᠢᠯ ᠲᠥᠷᠥᠯ᠎ᠳᠠᠬᠢ ᠪᠡᠯᠡ ᠣᠷᠣᠭᠤᠯᠤᠯᠲᠠ ᠢᠯᠡᠳᠲᠡ ᠪᠠᠭᠤᠷᠠᠭᠰᠠᠨ ᠵᠡᠷᠭᠡ ᠭᠤᠷᠪᠠᠨ ᠶᠡᠬᠡ ᠬᠦᠴᠦᠨ ᠵᠦᠢ᠍ᠯ᠎ᠤᠨ ᠨᠥᠯᠥᠭᠡ ᠵᠢ ᠬᠦᠷᠲᠡᠭᠰᠡᠨ᠎ᠠᠴᠠ᠂ ᠪᠦᠬᠦ ᠣᠷᠣᠨ᠎ᠤ ᠠᠵᠤ ᠠᠬᠤᠢ ᠵᠢᠨ ᠪᠠᠢ᠌ᠳᠠᠯ ᠲᠡᠳᠦᠢ ᠰᠠᠢ᠌ᠨ ᠪᠢᠰᠢ ᠪᠠᠢ᠌ᠵᠤ᠂ ᠨᠡᠮᠡᠭᠳᠡᠯ᠎ᠢ ᠪᠠᠲᠤᠯᠠᠨ᠂ ᠬᠥᠭᠵᠢᠯᠲᠡ ᠵᠢ ᠠᠬᠢᠭᠤᠯᠬᠤ᠎ᠨᠢ ᠨᠢᠭᠡᠨᠲᠡ ᠣᠳᠣᠬᠠᠨ᠎ᠤ ᠪᠦᠬᠦ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠲᠡᠷᠢᠭᠦᠨ ᠴᠢᠬᠤᠯᠠ ᠡᠭᠦᠷᠭᠡ ᠪᠣᠯᠪᠠ᠃ ᠡᠯ᠎ᠡ ᠱᠠᠲᠤᠨ᠎ᠤ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠨ᠎ᠬᠢᠨ ᠡᠷᠬᠡᠪᠰᠢ ᠴᠠᠭ᠎ᠤᠨ ᠪᠠᠢ᠌ᠳᠠᠯ᠎ᠢ ᠲᠣᠳᠣᠷᠬᠠᠢ ᠲᠠᠨᠢᠵᠤ᠂ ᠦᠵᠡᠯ ᠰᠠᠨᠠᠭ᠎ᠠ᠎ᠪᠠᠨ ᠴᠢᠯᠦᠭᠡᠯᠡᠨ᠂ ᠤᠷᠢᠳᠴᠢᠯᠠᠨ ᠦᠢ᠍ᠯᠡᠴᠢᠯᠡᠵᠦ᠂ ᠲᠥᠷᠥ ᠵᠢᠨ ᠪᠣᠳᠣᠯᠭ᠎ᠠ ᠪᠠ ᠬᠠᠤᠯᠢ ᠲᠣᠭᠲᠠᠭ᠋ᠠᠯ᠎ᠢ ᠣᠨᠣᠪᠴᠢᠲᠠᠢ ᠪᠥᠭᠡᠳ ᠠᠮᠢᠳᠤᠯᠢᠭ ᠵᠶ᠋ᠠᠷ ᠡᠵᠡᠮᠳᠡᠵᠦ᠂ ᠬᠢᠨᠠᠨ ᠵᠥᠪᠰᠢᠶᠡᠷᠡᠬᠦ ᠴᠤᠪᠤᠷᠠᠯ᠎ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ᠎ᠢ ᠪᠣᠭᠣᠨᠢᠰᠬᠠᠵᠤ᠂ ᠬᠢᠨᠠᠨ ᠵᠥᠪᠰᠢᠶᠡᠷᠡᠬᠦ ᠠᠬᠢᠴᠠ ᠵᠢ ᠲᠦᠷᠭᠡᠳᠬᠡᠨ᠂ ᠲᠥᠷᠥᠯ ᠵᠦᠢ᠍ᠯ᠎ᠢ ᠡᠷᠲᠡᠬᠡᠨ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠨᠡᠩ ᠰᠠᠢ᠌ᠨ ᠦᠢ᠍ᠯᠡᠴᠢᠯᠡᠭᠦᠯᠬᠦ ᠬᠡᠷᠡᠭᠲᠡᠢ ᠭᠡᠵᠡᠢ᠃
      ᠳ᠋ᠦ᠋ ᠵᠢᠶᠦ᠋ᠨ ᠹᠧᠩ ᠱᠠᠭ᠋ᠠᠷᠳᠠᠬᠤ᠎ᠳᠤ᠎ᠪᠠᠨ᠂ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠡᠷᠬᠡᠪᠰᠢ ᠭᠦᠢ᠍ᠴᠡᠳᠬᠡᠨ᠂ ᠬᠠᠤᠯᠢ ᠴᠠᠭ᠋ᠠᠵᠠ᠎ᠠᠴᠠ ᠣᠯᠭᠣᠭᠰᠠᠨ ᠦᠭᠡᠢ ᠡᠷᠬᠡ ᠵᠢ ᠶᠠᠭ᠋ᠠᠬᠢᠭᠰᠠᠨ ᠴᠤ᠌ ᠬᠡᠷᠡᠭᠯᠡᠵᠦ ᠪᠣᠯᠬᠤ ᠦᠭᠡᠢ᠂ ᠬᠠᠤᠯᠢ ᠴᠠᠭ᠋ᠠᠵᠠ ᠵᠢᠨ ᠤᠯᠠᠭ᠋ᠠᠨ ᠱᠤᠭᠤᠮ᠎ᠢ ᠳᠠᠪᠠᠵᠤ ᠪᠣᠯᠬᠤ ᠦᠭᠡᠢ᠂ ᠬᠠᠤᠯᠢ ᠴᠠᠭ᠋ᠠᠵᠠ ᠵᠢᠨ ᠬᠣᠷᠢᠭ᠎ᠠ ᠱᠤᠭᠤᠮ᠎ᠢ ᠬᠥᠨᠳᠡᠵᠦ ᠪᠣᠯᠬᠤ ᠦᠭᠡᠢ ᠪᠠᠢ᠌ᠬᠤ ᠵᠢ ᠪᠠᠲᠤ ᠴᠡᠭᠡᠵᠢᠯᠡᠵᠦ᠂ ᠡᠷᠬᠡ᠎ᠪᠠᠨ ᠠᠰᠢᠭᠯᠠᠨ ᠬᠤᠪᠢ᠎ᠪᠠᠨ ᠪᠣᠷᠳᠣᠬᠤ᠂ ᠵᠠᠰᠠᠭ ᠶᠠᠪᠤᠭᠤᠯᠪᠠᠴᠤ ᠥᠯᠥ ᠦᠢ᠍ᠯᠡᠳᠬᠦᠢ᠂ ᠳᠤᠷ᠎ᠠ᠎ᠪᠠᠷ ᠦᠢ᠍ᠯᠡᠳᠬᠦᠢ᠂ ᠠᠯᠭᠤᠷᠯᠠᠭᠤᠯᠤᠨ ᠦᠢ᠍ᠯᠡᠳᠬᠦᠢ ᠵᠢ ᠡᠷᠡᠰ ᠡᠰᠡᠷᠭᠦᠴᠡᠵᠦ᠂ ᠬᠠᠤᠯᠢ ᠶᠣᠰᠣᠭ᠋ᠠᠷ ᠲᠥᠪ ᠭᠣᠣᠯᠴᠢ᠎ᠪᠠᠷ ᠡᠷᠬᠡ᠎ᠪᠠᠨ ᠬᠡᠷᠡᠭᠯᠡᠨ᠂ ᠦᠢ᠍ᠯᠡᠳᠦᠯ ᠵᠶ᠋ᠡᠨ ᠪᠠᠳᠠᠷᠠᠭᠤᠯᠵᠤ᠂ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠬᠦ ᠬᠡᠷᠡᠭᠲᠡᠢ ᠭᠡᠵᠡᠢ᠃
      ᠲᠤᠰ ᠤᠳᠠᠭ᠋ᠠᠨ᠎ᠤ ᠪᠣᠯᠪᠠᠰᠤᠷᠠᠯ᠎ᠳᠤ᠂ ᠣᠷᠴᠢᠨ ᠲᠣᠭᠣᠷᠢᠨ᠎ᠤ ᠨᠥᠯᠥᠭᠡᠯᠡᠯ᠎ᠳᠤ ᠦᠨᠡᠯᠡᠯᠲᠡ ᠬᠢᠬᠦ ᠭᠠᠵᠠᠷ᠎ᠤᠨ ᠳᠡᠳ᠋ ᠳᠠᠷᠤᠭ᠎ᠠ ᠦ᠋ ᠰᠢ ᠴᠢᠤᠸᠠᠨ᠂ ᠬᠠᠨ ᠢᠦᠢ ᠪᠠ ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠰᠠᠯᠠᠭ᠋ᠠᠨ ᠳᠠᠷᠤᠭ᠎ᠠ ᠴᠧᠨ ᠰᠢᠶᠤᠤ ᠶᠧ ᠦᠨᠳᠦᠰᠦᠨ ᠱᠠᠲᠤᠨ᠎ᠤ ᠠᠵᠢᠯ᠎ᠤᠨ ᠪᠣᠳᠠᠳᠤ ᠪᠠᠢ᠌ᠳᠠᠯ᠎ᠳᠤ ᠠᠩᠬᠠᠷᠤᠭᠤᠯᠤᠨ ᠲᠥᠪᠯᠡᠷᠡᠭᠦᠯᠵᠦ᠂ ᠦᠨᠳᠦᠰᠦᠨ ᠱᠠᠲᠤᠨ᠎ᠤ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠠᠮᠢᠶᠠᠷᠤᠯᠲᠠ ᠵᠢᠨ ᠠᠵᠢᠯ᠎ᠳᠠᠬᠢ ᠭᠣᠣᠯᠳᠠᠯᠭ᠎ᠠ᠎ᠲᠠᠢ᠂ ᠬᠦᠴᠢᠷᠳᠡᠯ᠎ᠲᠠᠢ ᠪᠠ ᠣᠷᠣᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠬᠠᠷᠠᠯᠲᠠ ᠪᠣᠯᠭ᠋ᠠᠵᠤ᠂ ᠠᠳᠠᠯᠢ ᠪᠤᠰᠤ ᠬᠠᠷᠠᠭ᠋ᠠᠰᠤ᠎ᠠᠴᠠ ᠲᠤᠰ ᠲᠤᠰ ᠲᠤᠰᠬᠠᠢ ᠰᠡᠳᠦᠪᠲᠦ ᠲᠠᠢ᠌ᠯᠤᠮᠵᠢ ᠬᠢᠪᠡ᠃ 11 ᠳ᠋ᠦ᠍ᠭᠡᠷ ᠰᠠᠷ᠎ᠠ ᠵᠢᠨ 8᠎ᠤ ᠣᠷᠣᠢ᠂ ᠡᠯ᠎ᠡ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠢᠬᠦ ᠪᠠ ᠰᠢᠯᠭ᠋ᠠᠨ ᠬᠤᠷᠢᠶᠠᠵᠤ ᠠᠪᠬᠤ ᠬᠠᠷᠢᠭᠤᠴᠠᠯᠭ᠋ᠠᠲᠠᠳ ᠲᠥᠪᠯᠡᠷᠡᠭᠦᠯᠦᠭᠰᠡᠨ ᠶᠠᠷᠢᠯᠴᠠᠭ᠎ᠠ ᠥᠷᠨᠢᠭᠦᠯᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠤᠰᠬᠠᠢ ᠰᠡᠳᠦᠪ ᠵᠶ᠋ᠡᠷ ᠬᠠᠪᠰᠤᠷᠤᠨ ᠵᠢᠯᠣᠭᠣᠳᠬᠤ ᠲᠠᠢ᠌ᠯᠤᠮᠵᠢ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ ᠬᠢᠭᠡᠳ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠠᠪᠴᠢᠯ᠎ᠢ ᠵᠡᠷᠭᠡ᠎ᠪᠠᠷ ᠬᠡᠷᠡᠭᠯᠡᠵᠦ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠵᠢᠯ᠎ᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠣᠯᠵᠤ ᠪᠠᠢ᠌ᠨ᠎ᠠ
ᠥᠪᠥᠷ ᠮᠣᠩᠭᠣᠯ ᠬᠣᠲᠠ ᠵᠢᠨ ᠪᠠᠢ᠌ᠭᠤᠯᠤᠭᠳᠠᠭᠰᠠᠨ ᠲᠣᠭᠣᠷᠢᠭ᠎ᠤᠨ ᠬᠦᠨᠳᠦ ᠪᠣᠬᠢᠷᠲᠤᠯ᠎ᠤᠨ ᠠᠵᠤ ᠠᠬᠤᠢ᠌ᠯᠠᠯ᠎ᠢ 《ᠬᠣᠲᠠ᠎ᠠᠴᠠ ᠭᠠᠷᠭ᠋ᠠᠵᠤ ᠬᠦᠷᠢᠶᠡᠯᠡᠩ᠎ᠳᠤ ᠣᠷᠣᠭᠤᠯᠬᠤ》 ᠠᠵᠢᠯ᠎ᠢ ᠠᠬᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠠᠩᠭᠢ 2018 ᠣᠨ᠎ᠤ ᠲᠥᠪᠯᠡᠷᠡᠭᠦᠯᠦᠭᠰᠡᠨ ᠪᠣᠯᠪᠠᠰᠤᠷᠠᠯ ᠵᠶ᠋ᠠᠨ ᠠᠮᠵᠢᠯᠲᠠ᠎ᠲᠠᠢ ᠪᠡᠶᠡᠯᠡᠭᠦᠯᠪᠡ
 
             蒙ICP备05000248号