ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠥᠷ ᠮᠣᠩᠭᠣᠯ᠎ᠤᠨ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ ᠤᠯᠤᠰ᠎ᠤᠨ ᠲᠤᠷᠰᠢᠯᠲᠠ ᠵᠢᠨ ᠲᠠᠰᠤᠭ᠎ᠤᠨ ᠲᠥᠷᠥᠯ ᠵᠦᠢ᠍ᠯ᠎ᠢ ᠥᠷᠭᠡᠳᠬᠡᠬᠦ ᠵᠢ ᠵᠥᠪᠰᠢᠶᠡᠷᠡᠬᠦ ᠳᠠᠪᠲᠠᠨ ᠰᠢᠯᠭ᠋ᠠᠷᠠᠭᠤᠯᠤᠯᠲᠠ ᠵᠢ ᠠᠮᠵᠢᠯᠲᠠ᠎ᠲᠠᠢ ᠥᠩᠭᠡᠷᠡᠪᠡ
ᠨᠡᠶ᠋ᠢᠲᠡᠯᠡᠭᠰᠡᠨ ᠴᠠᠭ᠄ 2018-11-27

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ᠎ᠨᠢ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠣᠷᠣᠨ᠎ᠤ ᠳᠣᠲᠣᠷᠠᠬᠢ ᠰᠠᠴᠤᠷᠠᠭ᠎ᠤᠨ ᠣᠷᠴᠢᠨ ᠲᠣᠭᠣᠷᠢᠨ᠎ᠳᠤ ᠬᠢᠨᠠᠨ ᠬᠡᠮᠵᠢᠯᠲᠡ ᠬᠢᠬᠦ ᠠᠵᠢᠯ᠎ᠢ ᠬᠠᠷᠢᠭᠤᠴᠠᠵᠤ᠂ ᠪᠦᠬᠦ ᠣᠷᠣᠨ᠎ᠤ 12 ᠠᠢ᠌ᠮᠠᠭ ᠬᠣᠲᠠ ᠪᠠ ᠠᠰ᠎ᠲᠤ᠎ᠪᠠᠨ ᠲᠥᠯᠥᠪᠯᠡᠭᠡ ᠬᠢᠬᠦ 2 ᠬᠣᠲᠠ ᠵᠢᠨ ᠤᠯᠤᠰ᠎ᠠᠴᠠ ᠡᠵᠡᠮᠳᠡᠬᠦ 53 ᠴᠡᠭ᠂ ᠣᠷᠣᠨ᠎ᠠᠴᠠ ᠡᠵᠡᠮᠳᠡᠬᠦ 355 ᠴᠡᠭ᠎ᠲᠤ᠂ ᠣᠷᠴᠢᠨ ᠲᠣᠭᠣᠷᠢᠨ᠎ᠤ ᠢᠶᠤᠨᠵᠢᠯᠲᠠ ᠵᠢᠨ ᠰᠠᠴᠤᠷᠠᠭ ᠵᠢᠴᠢ ᠴᠠᠬᠢᠯᠭ᠋ᠠᠨ ᠰᠣᠷᠢᠨᠵᠢᠨ ᠰᠠᠴᠤᠷᠠᠭ᠎ᠤᠨ ᠤᠰᠤᠨ ᠲᠦᠪᠰᠢᠨ᠎ᠤ ᠬᠢᠨᠠᠨ ᠬᠡᠮᠵᠢᠯᠲᠡ ᠥᠷᠨᠢᠭᠦᠯᠵᠦ ᠪᠠᠢ᠌ᠨ᠎ᠠ᠃ 2015 ᠣᠨ᠎ᠳᠤ ᠠᠩᠬ᠎ᠠ ᠤᠳᠠᠭ᠎ᠠ ᠤᠯᠤᠰ᠎ᠤᠨ ᠲᠤᠷᠰᠢᠯᠲᠠ ᠵᠢᠨ ᠲᠠᠰᠤᠭ᠎ᠤᠨ ᠵᠥᠪᠰᠢᠶᠡᠷᠡᠯ ᠪᠠ ᠬᠢᠷᠢ ᠭᠡᠮ᠎ᠤᠨ ᠮᠠᠭ᠋ᠠᠳᠯᠠᠨ ᠲᠣᠭᠲᠠᠭ᠋ᠠᠯᠲᠠ ᠵᠢᠨ 《ᠬᠣᠣᠰ ᠭᠡᠷᠡᠴᠢᠯᠡᠯᠲᠡ》 ᠵᠢ ᠥᠩᠭᠡᠷᠡᠭᠰᠡᠨ᠎ᠤ ᠳᠠᠷᠠᠭ᠎ᠠ᠂ ᠲᠤᠷᠰᠢᠯᠲᠠ ᠵᠢᠨ ᠲᠠᠰᠤᠭ᠎ᠤᠨ 《ᠵᠥᠪᠰᠢᠶᠡᠷᠡᠯ᠂ ᠭᠡᠷᠡᠴᠢᠯᠡᠯᠲᠡ》 ᠵᠢᠨ ᠠᠵᠢᠯ ᠵᠶ᠋ᠠᠷ ᠭᠠᠷᠳᠠᠯ ᠪᠠ ᠬᠥᠳᠡᠯᠭᠡᠭᠴᠢ ᠬᠦᠴᠦᠨ ᠪᠣᠯᠭ᠋ᠠᠨ᠂ ᠦᠨᠡᠨ ᠪᠣᠳᠠᠲᠠᠢ ᠴᠢᠷᠮᠠᠢ᠌ᠯᠭ᠎ᠠ ᠭᠠᠷᠭ᠋ᠠᠵᠤ᠂ ᠣᠶᠣᠨ ᠬᠦᠴᠦᠨ ᠵᠶ᠋ᠡᠨ ᠲᠥᠪᠯᠡᠷᠡᠭᠦᠯᠵᠦ᠂ ᠰᠠᠴᠤᠷᠠᠭ᠎ᠤᠨ ᠬᠢᠨᠠᠨ ᠬᠡᠮᠵᠢᠯᠲᠡ ᠵᠢᠨ ᠰᠠᠭᠤᠷᠢ᠎ᠪᠠᠨ ᠲᠠᠰᠤᠷᠠᠯᠲᠠ ᠦᠭᠡᠢ ᠪᠠᠲᠤᠳᠬᠠᠵᠤ᠂ ᠰᠠᠴᠤᠷᠠᠭ᠎ᠤᠨ ᠬᠢᠨᠠᠨ ᠬᠡᠮᠵᠢᠬᠦ ᠴᠢᠳᠠᠪᠤᠷᠢ᠎ᠪᠠᠨ   ᠳᠡᠭᠡᠭᠰᠢᠯᠡᠭᠦᠯᠪᠡ᠃ ᠡᠨᠡ   ᠵᠢᠯ ᠎ᠤᠨ  4   ᠳ᠋ᠦ᠍ᠭᠡᠷ ᠰᠠᠷ᠎ᠠ ᠎ᠳᠤ  《ᠤᠯᠤᠰ ᠎ᠤᠨ   ᠬᠢᠷᠢ   ᠭᠡᠮ᠎ᠤᠨ   ᠮᠠᠭ᠋ᠠᠳᠯᠠᠨ ᠲᠣᠭᠲᠠᠭ᠋ᠠᠯᠲᠠ》 ᠵᠢᠨ ᠲᠥᠷᠥᠯ ᠵᠦᠢ᠍ᠯ᠎ᠢ ᠥᠷᠭᠡᠳᠬᠡᠬᠦ ᠳᠠᠪᠲᠠᠨ ᠰᠢᠯᠭ᠋ᠠᠷᠠᠭᠤᠯᠤᠯᠲᠠ ᠵᠢ ᠥᠩᠭᠡᠷᠡᠭᠡᠭᠰᠡᠨ ᠰᠠᠭᠤᠷᠢᠨ ᠳᠡᠭᠡᠷ᠎ᠡ᠂ 11 ᠳ᠋ᠦ᠍ᠭᠡᠷ ᠰᠠᠷ᠎ᠠ ᠵᠢᠨ 10 — 11᠎ᠤ ᠡᠳᠦᠷ ᠳᠠᠬᠢᠨ ᠤᠯᠤᠰ᠎ᠤᠨ   ᠲᠤᠷᠰᠢᠯᠲᠠ ᠵᠢᠨ   ᠲᠠᠰᠤᠭ᠎ᠤᠨ   ᠲᠥᠷᠥᠯ   ᠵᠦᠢ᠍ᠯ᠎ᠢ   ᠥᠷᠭᠡᠳᠬᠡᠬᠦ ᠵᠢ   ᠵᠥᠪᠰᠢᠶᠡᠷᠡᠬᠦ   ᠳᠠᠪᠲᠠᠨ   ᠰᠢᠯᠭ᠋ᠠᠷᠠᠭᠤᠯᠤᠯᠲᠠ ᠵᠢ ᠠᠮᠵᠢᠯᠲᠠ᠎ᠲᠠᠢ ᠥᠩᠭᠡᠷᠡᠭᠡᠵᠡᠢ᠃
      《ᠵᠥᠪᠰᠢᠶᠡᠷᠡᠯ᠂ ᠭᠡᠷᠡᠴᠢᠯᠡᠯᠲᠡ》 ᠬᠢᠬᠦ ᠭᠤᠷᠪᠠᠨ ᠵᠢᠯ᠎ᠤᠨ ᠬᠣᠶᠠᠷ ᠡᠭᠡᠯᠵᠢ ᠵᠢᠨ ᠰᠢᠯᠭ᠋ᠠᠯᠲᠠ ᠪᠠ ᠬᠤᠷᠠᠮᠳᠤᠭᠤᠯᠤᠯ᠎ᠪᠠᠷ ᠳᠠᠮᠵᠢᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ ᠵᠢᠨ ᠬᠢᠨᠠᠨ ᠬᠡᠮᠵᠢᠬᠦ ᠴᠢᠳᠠᠪᠤᠷᠢ᠎ᠨᠢ 7 ᠶᠡᠬᠡ ᠲᠥᠷᠥᠯ 70 ᠰᠢᠬᠠᠮ ᠵᠦᠢ᠍ᠯ᠎ᠳᠤ ᠬᠦᠷᠴᠦ᠂ ᠬᠢᠷᠢ ᠭᠡᠮ᠎ᠤᠨ ᠮᠠᠭ᠋ᠠᠳᠯᠠᠨ ᠲᠣᠭᠲᠠᠭ᠋ᠠᠯᠲᠠ᠎ᠨᠢ 49 ᠵᠦᠢ᠍ᠯ᠎ᠢ ᠥᠩᠭᠡᠷᠡᠭᠡᠨ᠂ ᠲᠤᠷᠰᠢᠯᠲᠠ ᠵᠢᠨ ᠲᠠᠰᠤᠭ᠎ᠤᠨ ᠵᠥᠪᠰᠢᠶᠡᠷᠡᠯ᠎ᠨᠢ 41 ᠵᠦᠢ᠍ᠯ᠎ᠢ ᠥᠩᠭᠡᠷᠡᠭᠡᠵᠦ᠂ ᠤᠯᠤᠰ᠎ᠤᠨ ᠴᠢᠳᠠᠪᠤᠷᠢ ᠵᠢᠨ ᠦᠨᠡᠯᠡᠨ ᠵᠢᠱ᠌ᠢᠯᠲᠡ ᠵᠢᠨ ᠲᠥᠰᠥᠯ᠎ᠳᠠᠬᠢ ᠴᠥᠮ᠎ᠡ ᠪᠦᠬᠦᠢ ᠮᠤᠵᠢ᠎ᠳᠤ ᠬᠢᠨᠠᠨ ᠬᠡᠮᠵᠢᠯᠲᠡ ᠬᠢᠬᠦ ᠴᠢᠳᠠᠪᠤᠷᠢ ᠵᠢᠨ ᠱᠠᠭ᠋ᠠᠷᠳᠠᠯᠭ᠎ᠠ ᠵᠢ ᠬᠠᠩᠭ᠋ᠠᠪᠠ᠃ ᠥᠷᠲᠡᠭᠡᠨ᠎ᠤ ᠪᠦᠬᠦ ᠠᠵᠢᠯᠲᠠᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠦᠵᠡᠯ ᠰᠠᠨᠠᠭ᠎ᠠ᠎ᠨᠢ ᠤᠯᠠᠮ ᠨᠢᠭᠡ ᠠᠯᠬᠤᠮ ᠭᠦᠨᠵᠡᠭᠡᠢ᠌ᠷᠡᠨ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠬᠢᠷᠢ ᠲᠦᠪᠰᠢᠨ᠎ᠨᠢ ᠤᠯᠠᠮ ᠨᠢᠭᠡ ᠠᠯᠬᠤᠮ ᠳᠡᠭᠡᠭᠰᠢᠯᠡᠵᠦ᠂ ᠰᠠᠴᠤᠷᠠᠭ᠎ᠤᠨ ᠬᠢᠨᠠᠨ ᠬᠡᠮᠵᠢᠬᠦ ᠴᠢᠳᠠᠪᠤᠷᠢ᠎ᠨᠢ ᠲᠣᠭᠲᠠᠭᠤᠨ ᠵᠶ᠋ᠠᠷ ᠳᠡᠭᠡᠭᠰᠢᠯᠡᠨ᠂ ᠰᠠᠴᠤᠷᠠᠭ᠎ᠤᠨ ᠬᠢᠨᠠᠨ ᠬᠡᠮᠵᠢᠬᠦ ᠬᠢᠷᠢ ᠲᠡᠩᠴᠡᠭᠰᠡᠨ 《ᠪᠡᠶ᠎ᠡ ᠵᠢᠨ ᠪᠠᠢ᠌ᠴᠠᠭ᠋ᠠᠯᠲᠠ ᠵᠢᠨ ᠭᠡᠷᠡᠴᠢ》 ᠣᠯᠵᠤ᠂ ᠰᠠᠴᠤᠷᠠᠭ᠎ᠤᠨ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ 《ᠦᠨᠡᠨ᠂ ᠣᠨᠣᠪᠴᠢᠲᠠᠢ᠂ ᠪᠦᠷᠢᠨ》 ᠪᠠᠢ᠌ᠬᠤ ᠵᠢ ᠪᠠᠲᠤᠯᠠᠬᠤ ᠰᠠᠭᠤᠷᠢ ᠵᠢ ᠪᠠᠲᠤ ᠴᠣᠭᠴᠠᠯᠠᠪᠠ᠃ ᠡᠭᠦᠨ᠎ᠠᠴᠠ ᠬᠣᠢ᠌ᠰᠢᠳᠠ ᠥᠪᠥᠷ ᠮᠣᠩᠭᠣᠯ᠎ᠤᠨ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ᠎ᠨᠢ 《ᠵᠥᠪᠰᠢᠶᠡᠷᠡᠯ᠂ ᠭᠡᠷᠡᠴᠢᠯᠡᠯᠲᠡ》 ᠵᠢᠨ 《ᠠᠮᠤᠷ ᠲᠦᠪᠰᠢᠨ᠎ᠤ ᠰᠠᠭᠤᠷᠢ ᠱᠤᠭᠤᠮ》᠎ᠢ ᠪᠠᠲᠤᠯᠠᠬᠤ᠎ᠪᠠᠷ ᠪᠠᠷᠠᠬᠤ ᠦᠭᠡᠢ 《ᠶᠠᠰᠤ ᠴᠢᠨᠠᠷ᠎ᠤᠨ ᠥᠨᠳᠥᠷ ᠱᠤᠭᠤᠮ》᠎ᠢ ᠲᠠᠲᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠷᠣᠨ ᠪᠦᠰᠡ ᠵᠢᠨ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠢ ᠰᠠᠢ᠌ᠲᠤᠷ ᠬᠢᠵᠦ᠂ ᠤᠮᠠᠷᠠᠲᠤ ᠬᠢᠵᠠᠭ᠋ᠠᠷ᠎ᠤᠨ ᠰᠠᠴᠤᠷᠠᠭ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠢᠦᠢ ᠯᠢ ᠰᠢᠨ ᠬᠥᠯᠥᠨ ᠪᠣᠢ᠌ᠷ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠭᠤᠷᠪᠠᠨ ᠵᠦᠢ᠍ᠯ᠎ᠤᠨ ᠭᠣᠣᠯᠳᠠᠯᠭ᠎ᠠ᠎ᠲᠠᠢ ᠠᠵᠢᠯ》᠎ᠢ ᠲᠣᠬᠢᠷᠠᠭᠤᠯᠬᠤ ᠦᠶ᠎ᠡ᠎ᠳᠤ ᠲᠠᠨᠢᠯᠲᠠ᠎ᠪᠠᠨ ᠳᠡᠭᠡᠭᠰᠢᠯᠡᠭᠦᠯᠦᠨ ᠪᠠᠷᠢᠮᠵᠢᠶ᠎ᠠ ᠵᠢ ᠪᠠᠷᠢᠮᠲᠠᠯᠠᠵᠤ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠦᠬᠦ ᠠᠵᠢᠯ᠎ᠤᠨ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠥᠷᠲᠡᠭᠡ ᠬᠢᠭᠡᠳ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠥᠷᠲᠡᠭᠡ ᠵᠢᠩᠬᠢᠨᠢ᠎ᠪᠠᠷ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠪᠠ
 
             蒙ICP备05000248号