ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2018 ᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠨᠢᠭᠡᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2018-11-20

     11 ᠳ᠋ᠦ᠍ᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ ᠲᠢᠩᠬᠢᠮ 2018 ᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠠᠩᠬᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠣᠳᠣᠬᠠᠨ᠎ᠤ ᠠᠵᠤ ᠠᠬᠤᠢ ᠵᠢᠨ ᠪᠠᠢ᠌ᠳᠠᠯ᠎ᠳᠤ ᠵᠠᠳᠠᠯᠤᠯᠲᠠ ᠰᠤᠳᠤᠯᠤᠯᠲᠠ ᠬᠢᠭᠰᠡᠨ ᠪᠠ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠶᠠᠷᠢᠯᠴᠠᠭ᠋ᠠᠨ᠎ᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠪᠠ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠳᠠᠷᠤᠭ᠎ᠠ ᠵᠠᠩ ᠬᠤᠢ ᠢᠦᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠡᠭᠦᠷ᠎ᠤᠨ ᠠᠵᠢᠯ᠎ᠤᠨ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭ᠋ᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠮᠡᠳᠡᠭᠳᠡᠯ᠎ᠢ ᠤᠯᠠᠮᠵᠢᠯᠠᠪᠠ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ ᠪᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠳᠠᠷᠤᠭ᠎ᠠ ᠮᠦᠸᠧ ᠰᠢᠶᠤᠤ ᠯᠢᠶᠠᠨ 《ᠲᠣᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠵᠶ᠋ᠠᠷ ᠮᠡᠳᠡᠭᠦᠯᠬᠦ ᠵᠢ ᠰᠡᠷᠭᠡᠢ᠌ᠯᠡᠬᠦ ᠪᠠ ᠵᠠᠯᠬᠠᠭ᠋ᠠᠨ ᠰᠢᠢ᠍ᠳᠬᠡᠬᠦ ᠵᠢ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ ᠪᠠ ᠰᠢᠮᠳᠠᠭᠤᠯᠤᠨ ᠪᠠᠢ᠌ᠴᠠᠭ᠋ᠠᠵᠤ ᠬᠢᠨᠠᠨ ᠰᠢᠯᠭ᠋ᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ᠎ᠢ ᠲᠤᠰ ᠲᠤᠰ ᠤᠯᠠᠮᠵᠢᠯᠠᠵᠠᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠤᠯᠭ᠎ᠠ ᠨᠠᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠷᠣᠭᠤᠯᠤᠯᠲᠠ ᠵᠢᠨ ᠺᠣᠮᠫᠠᠨᠢ ᠵᠢᠨ ᠭᠣᠣᠯ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
2018 ᠣᠨ᠎ᠤ ᠪᠦᠬᠦ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ ᠠᠮᠵᠢᠯᠲᠠ᠎ᠲᠠᠢ ᠥᠨᠳᠥᠷᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠤᠰᠬᠠᠢ ᠰᠡᠳᠦᠪ ᠵᠶ᠋ᠡᠷ ᠬᠠᠪᠰᠤᠷᠤᠨ ᠵᠢᠯᠣᠭᠣᠳᠬᠤ ᠲᠠᠢ᠌ᠯᠤᠮᠵᠢ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ ᠬᠢᠭᠡᠳ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠠᠪᠴᠢᠯ᠎ᠢ ᠵᠡᠷᠭᠡ᠎ᠪᠠᠷ ᠬᠡᠷᠡᠭᠯᠡᠵᠦ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠵᠢᠯ᠎ᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠣᠯᠵᠤ ᠪᠠᠢ᠌ᠨ᠎ᠠ
ᠥᠪᠥᠷ ᠮᠣᠩᠭᠣᠯ ᠬᠣᠲᠠ ᠵᠢᠨ ᠪᠠᠢ᠌ᠭᠤᠯᠤᠭᠳᠠᠭᠰᠠᠨ ᠲᠣᠭᠣᠷᠢᠭ᠎ᠤᠨ ᠬᠦᠨᠳᠦ ᠪᠣᠬᠢᠷᠲᠤᠯ᠎ᠤᠨ ᠠᠵᠤ ᠠᠬᠤᠢ᠌ᠯᠠᠯ᠎ᠢ 《ᠬᠣᠲᠠ᠎ᠠᠴᠠ ᠭᠠᠷᠭ᠋ᠠᠵᠤ ᠬᠦᠷᠢᠶᠡᠯᠡᠩ᠎ᠳᠤ ᠣᠷᠣᠭᠤᠯᠬᠤ》 ᠠᠵᠢᠯ᠎ᠢ ᠠᠬᠢᠭᠤᠯᠪᠠ
 
             蒙ICP备05000248号