ᠪᠦᠬᠦ ᠤᠯᠤᠰ᠎ᠤᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠵᠢ ᠠᠬᠢᠭᠤᠯᠤᠨ᠂ ᠲᠤᠰᠬᠠᠢ ᠵᠦᠢ᠍ᠯ᠎ᠤᠨ ᠠᠵᠢᠯᠯᠠᠭ᠎ᠠ ᠵᠢᠨ ᠱᠠᠲᠤᠴᠢ ᠴᠢᠨᠠᠷᠲᠠᠢ ᠦᠷ᠎ᠡ ᠪᠦᠲᠦᠮᠵᠢ ᠵᠢ ᠳ᠋ᠦᠩᠨᠡᠵᠦ᠂ ᠳᠠᠷᠠᠭ᠋ᠠᠴᠢ ᠵᠢᠨ ᠱᠠᠲᠤᠨ᠎ᠤ ᠠᠵᠢᠯ᠎ᠤᠨ ᠡᠭᠦᠷᠭᠡ ᠵᠢ ᠪᠠᠢ᠌ᠷᠢᠯᠠᠭᠤᠯᠬᠤ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ 10 ᠳ᠋ᠤᠭ᠋ᠠᠷ ᠰᠠᠷ᠎ᠠ ᠵᠢᠨ 11᠎ᠤ ᠡᠳᠦᠷ ᠪᠦᠬᠦ ᠤᠯᠤᠰ᠎ᠤᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠵᠢᠨ ᠭᠤᠷᠪᠠᠳᠤᠭ᠋ᠠᠷ ᠤᠳᠠᠭ᠋ᠠᠨ᠎ᠤ ᠲᠧᠯᠸᠢᠰ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠲᠢᠩᠬᠢᠮ᠎ᠤᠨ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ ᠬᠤᠪᠢᠶᠠᠷᠢ ᠲᠠᠯᠠᠪᠤᠷ᠎ᠲᠤ ᠲᠧᠯᠸᠢᠰ ᠬᠤᠷᠠᠯ᠎ᠳᠤ ᠣᠷᠣᠯᠴᠠᠵᠠᠢ᠃
ᠪᠦᠬᠦ ᠤᠯᠤᠰ᠎ᠤᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠪᠣᠯ ᠲᠥᠪ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠢ᠌ᠭᠤᠯᠤᠭᠰᠠᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠪᠡᠯᠭᠡ ᠲᠡᠮᠳᠡᠭ᠎ᠤᠨ ᠴᠢᠨᠠᠷᠲᠠᠢ ᠴᠢᠬᠤᠯᠠ ᠶᠡᠬᠡ ᠳᠠᠢ᠌ᠯᠠᠯᠳᠤᠭ᠋ᠠᠨ᠎ᠤ ᠨᠢᠭᠡ ᠪᠣᠯᠣᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠤᠯᠤᠰ ᠬᠣᠶᠠᠷ ᠵᠢᠯ᠎ᠤᠨ ᠴᠠᠭ ᠵᠠᠷᠤᠴᠠᠭᠤᠯᠵᠤ ᠪᠠᠢ᠌ᠭ᠋ᠠᠳ᠂ ᠰᠢᠶᠠᠨ᠎ᠤ ᠱᠠᠲᠤ ᠵᠢᠴᠢ ᠳᠡᠭᠡᠭᠰᠢᠬᠢ ᠬᠣᠲᠠ ᠵᠢᠨ ᠠᠷᠠᠳ ᠢᠷᠭᠡᠳ᠎ᠤᠨ ᠤᠤᠭᠤᠬᠤ ᠤᠰᠤᠨ᠎ᠤ ᠠᠮᠤᠷ ᠲᠦᠪᠰᠢᠨ᠎ᠤ ᠳᠠᠯᠳᠠ ᠭᠡᠮ᠎ᠢ ᠲᠤᠢ᠌ᠯᠪᠤᠷᠢᠲᠠᠢ ᠤᠰᠠᠳᠬᠠᠬᠤ᠎ᠨᠢ᠂ 《ᠠᠷᠠᠳ ᠢᠷᠭᠡᠳ᠎ᠲᠤ ᠲᠤᠩᠭ᠋ᠠᠯᠠᠭ ᠤᠰᠤ ᠨᠣᠭᠣᠭ᠋ᠠᠨ ᠡᠷᠭᠢ᠂ ᠵᠢᠭ᠋ᠠᠰᠤ ᠵᠢᠷᠠᠭ᠋ᠠᠬᠠᠢ ᠤᠰᠤᠨ᠎ᠤ ᠢᠷᠤᠭ᠋ᠠᠷ᠎ᠲᠤ ᠱᠤᠮᠪᠠᠬᠤ ᠦᠵᠡᠮᠵᠢ ᠪᠠᠢ᠌ᠳᠠᠯ᠎ᠢ ᠡᠭᠡᠭᠦᠯᠦᠨ ᠪᠤᠴᠠᠭ᠋ᠠᠬᠤ》᠎ᠪᠠᠷ ᠪᠠᠷᠠᠬᠤ ᠦᠭᠡᠢ᠂ ᠠᠷᠠᠳ ᠢᠷᠭᠡᠳ᠎ᠢ ᠴᠡᠪᠡᠷ ᠤᠰᠤ ᠤᠤᠭᠤᠯᠭ᠋ᠠᠵᠤ ᠴᠢᠳᠠᠨ᠎ᠠ᠃
ᠬᠤᠷᠠᠯ ᠳᠡᠭᠡᠷ᠎ᠡ᠂ ᠳᠡᠳ᠋ ᠶᠠᠮᠤᠨ᠎ᠤ ᠳᠠᠷᠤᠭ᠎ᠠ ᠼᠦᠢ ᠴᠢᠩ ᠪᠦᠬᠦ ᠤᠯᠤᠰ᠎ᠤᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠵᠢᠨ ᠠᠬᠢᠯᠲᠠ ᠵᠢᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠵᠦ᠂ ᠳᠠᠷᠠᠭ᠋ᠠᠴᠢ ᠵᠢᠨ ᠱᠠᠲᠤᠨ᠎ᠤ ᠠᠵᠢᠯ᠎ᠢ ᠪᠠᠢ᠌ᠷᠢᠯᠠᠭᠤᠯᠪᠠ᠃ ᠬᠠᠢ᠌ᠨᠠᠨ ᠮᠤᠵᠢ᠂ ᠰᠧᠴᠤᠸᠠᠨ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠬᠠᠷᠢᠭᠤᠴᠠᠯᠭ᠋ᠠᠲᠠᠳ᠂ ᠥᠪᠥᠷ ᠮᠣᠩᠭᠣᠯ᠎ᠤᠨ ᠪᠤᠭᠤᠲᠤ ᠬᠣᠲᠠ᠂ ᠬᠠᠷᠠᠮᠥ᠋ᠷᠡᠨ᠎ᠤ ᠵᠢᠰᠢ ᠬᠣᠲᠠ᠂ ᠾᠧᠨᠠᠨ᠎ᠤ ᠺᠠᠢ᠌ᠹᠧᠩ ᠬᠣᠲᠠ᠂ ᠬᠠᠢ᠌ᠨᠠᠨ᠎ᠤ ᠳ᠋ᠠᠨᠵᠧᠦ ᠬᠣᠲᠠ᠂ ᠰᠧᠴᠤᠸᠠᠨ᠎ᠤ ᠯᠧᠱ᠌ᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠭᠦᠢ᠍ᠵᠧᠦ ᠵᠢᠨ ᠭᠦᠢ ᠠᠨ ᠰᠢᠨ᠎ᠡ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠳ ᠠᠵᠢᠯ᠎ᠤᠨ ᠠᠬᠢᠯᠲᠠ ᠵᠢᠨ ᠪᠠᠢ᠌ᠳᠠᠯ ᠵᠶ᠋ᠠᠨ ᠲᠠᠨᠢᠯᠴᠠᠭᠤᠯᠤᠭᠰᠠᠨᠤ ᠬᠠᠮᠲᠤ ᠣᠪᠣᠷ ᠵᠶ᠋ᠠᠨ ᠢᠯᠡᠳᠬᠡᠬᠦ ᠦᠭᠡ ᠶᠠᠷᠢᠵᠠᠢ᠃
ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ᠎ᠤᠨ ᠬᠠᠮᠢᠶ᠎ᠠ ᠪᠦᠬᠦᠢ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠤᠰᠤᠨ ᠠᠰᠢᠭᠯᠠᠯᠲᠠ ᠵᠢᠨ ᠶᠠᠮᠤᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ 4 ᠳ᠋ᠦ᠍ᠭᠡᠷ ᠰᠠᠷ᠎ᠠ᠎ᠠᠴᠠ ᠡᠬᠢᠯᠡᠨ᠂ ᠪᠦᠬᠦ ᠣᠷᠣᠨ᠎ᠤ ᠬᠡᠪᠴᠢᠶᠡᠨ᠎ᠳᠤ ᠭᠠᠵᠠᠷ᠎ᠤᠨ ᠭᠠᠳᠠᠷᠭᠤ ᠵᠢᠨ ᠤᠰᠤᠨ᠎ᠤ ᠬᠡᠯᠪᠡᠷᠢ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠵᠢ ᠥᠷᠨᠢᠭᠦᠯᠪᠡ᠃ ᠲᠤᠰᠬᠠᠢ ᠵᠦᠢ᠍ᠯ᠎ᠤᠨ ᠠᠵᠢᠯᠯᠠᠭ᠎ᠠ᠎ᠨᠢ ᠬᠣᠶᠠᠷ ᠵᠢᠯ᠎ᠤᠨ ᠴᠠᠭ ᠵᠠᠷᠤᠴᠠᠭᠤᠯᠵᠤ ᠪᠠᠢ᠌ᠭ᠋ᠠᠳ᠂ ᠬᠣᠰᠢᠭᠤ ᠰᠢᠶᠠᠨ᠎ᠤ ᠱᠠᠲᠤ ᠵᠢᠴᠢ ᠳᠡᠭᠡᠭᠰᠢᠬᠢ ᠬᠣᠲᠠ ᠵᠢᠨ ᠭᠠᠵᠠᠷ᠎ᠤᠨ ᠭᠠᠳᠠᠷᠭᠤ ᠵᠢᠨ ᠤᠰᠤᠨ᠎ᠤ ᠬᠡᠯᠪᠡᠷᠢ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠬᠤᠪᠢᠶᠠᠷᠢᠯᠠᠨ ᠲᠣᠭᠲᠠᠭ᠋ᠠᠭᠰᠠᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠬᠡᠪᠴᠢᠶ᠎ᠡ᠂ ᠬᠠᠮᠠᠭ᠋ᠠᠯᠠᠯᠲᠠ ᠵᠢᠨ ᠣᠷᠣᠨ ᠬᠢᠯᠢ ᠵᠠᠭ᠋ᠠᠭ᠎ᠤᠨ ᠲᠡᠮᠳᠡᠭ ᠪᠠ ᠬᠠᠮᠠᠭ᠋ᠠᠯᠠᠯᠲᠠ ᠵᠢᠨ ᠣᠷᠣᠨ᠎ᠤ ᠳᠣᠲᠣᠷᠠᠬᠢ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠴᠡᠭᠴᠡᠯᠡᠨ ᠵᠠᠰᠠᠬᠤ ᠵᠡᠷᠭᠡ ᠭᠤᠷᠪᠠᠨ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠬᠦ᠎ᠪᠠᠷ ᠲᠥᠯᠥᠪᠯᠡᠵᠦ ᠪᠠᠢ᠌ᠨ᠎ᠠ᠃