ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠬᠢᠩᠭ᠋ᠠᠨ ᠠᠢ᠌ᠮᠠᠭ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠵᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠬᠦᠴᠦᠯᠡᠵᠦ ᠪᠠᠢ᠌ᠨ᠎ᠠ
ᠨᠡᠶ᠋ᠢᠲᠡᠯᠡᠭᠰᠡᠨ ᠴᠠᠭ᠄ 2018-10-09

      ᠪᠦᠬᠦ ᠤᠯᠤᠰ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠡᠩᠨᠡᠭᠡ ᠵᠢᠨ ᠪᠠᠢ᠌ᠭᠤᠯᠤᠯᠲᠠ ᠵᠢ ᠠᠬᠢᠭᠤᠯᠤᠨ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ᠎ᠢ᠎ᠨᠢ ᠵᠢᠷᠤᠮᠵᠢᠭᠤᠯᠤᠨ ᠳᠡᠭᠡᠭᠰᠢᠯᠡᠭᠦᠯᠬᠦ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ 2016 ᠣᠨ᠎ᠠᠴᠠ ᠡᠬᠢᠯᠡᠨ ᠪᠦᠬᠦ ᠤᠯᠤᠰ᠎ᠤᠨ ᠬᠡᠪᠴᠢᠶᠡᠨ᠎ᠳᠤ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠬᠥᠳᠡᠯᠭᠡᠭᠡᠨ᠎ᠢ ᠥᠷᠨᠢᠭᠦᠯᠵᠦ᠂ ᠲᠡᠷᠢᠭᠦᠨ᠎ᠤ᠎ᠬᠢ᠎ᠪᠠᠷ ᠦᠨᠡᠯᠡᠨ ᠰᠢᠯᠭ᠋ᠠᠷᠠᠭᠤᠯᠬᠤ᠂ ᠨᠡᠢ᠌ᠲᠡᠯᠢᠭ ᠥᠯᠢᠭᠡᠷ ᠬᠡᠪ᠎ᠢ ᠱᠤᠭᠤᠬᠤ ᠠᠷᠭ᠎ᠠ ᠬᠡᠯᠪᠡᠷᠢ᠎ᠪᠠᠷ᠂ 《ᠠᠳᠠᠯᠢᠳᠬᠠᠬᠤ ᠰᠤᠷᠤᠯᠴᠠᠬᠤ ᠨᠡᠬᠡᠬᠦ ᠬᠠᠪᠰᠤᠷᠬᠤ ᠳᠠᠪᠠᠬᠤ》 ᠠᠵᠢᠯ᠎ᠤᠨ ᠠᠭᠤᠷ ᠠᠮᠢᠰᠬᠤᠯ᠎ᠢ ᠪᠣᠢ ᠪᠣᠯᠭ᠋ᠠᠵᠤ᠂ ᠪᠦᠬᠦ ᠤᠯᠤᠰ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠡᠩᠨᠡᠭᠡ ᠵᠢᠨ ᠵᠢᠷᠤᠮᠵᠢᠯ᠎ᠲᠠᠢ᠎ᠪᠠᠷ ᠬᠠᠤᠯᠢ ᠬᠡᠷᠡᠭᠵᠢᠭᠦᠯᠬᠦ ᠦᠵᠡᠯ ᠤᠬᠠᠮᠰᠠᠷ ᠪᠠ ᠴᠢᠳᠠᠪᠤᠷᠢ ᠵᠢ ᠳᠡᠭᠡᠭᠰᠢᠯᠡᠭᠦᠯᠵᠡᠢ᠃
     2018 ᠣᠨ᠎ᠳᠤ᠂ ᠬᠢᠩᠭ᠋ᠠᠨ ᠠᠢ᠌ᠮᠠᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ 8 ᠳ᠋ᠤᠭ᠋ᠠᠷ ᠰᠠᠷ᠎ᠠ᠎ᠠᠴᠠ 9 ᠳ᠋ᠦ᠍ᠭᠡᠷ ᠰᠠᠷ᠎ᠠ ᠪᠣᠯᠲᠠᠯ᠎ᠠ ᠪᠦᠬᠦ ᠠᠢ᠌ᠮᠠᠭ᠎ᠤᠨ ᠬᠡᠪᠴᠢᠶᠡᠨ᠎ᠳᠤ ᠣᠨᠳᠣᠣ ᠭᠠᠵᠠᠷ᠎ᠲᠤ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠪᠠᠢ᠌ᠴᠠᠭ᠋ᠠᠯᠲᠠ ᠬᠢᠪᠡ᠃ ᠲᠤᠰ ᠤᠳᠠᠭ᠋ᠠᠨ᠎ᠤ ᠪᠣᠯᠪᠠᠰᠤᠷᠠᠭᠤᠯᠤᠯ᠎ᠤᠨ ᠬᠥᠳᠡᠯᠭᠡᠭᠡᠨ᠎ᠳᠤ᠂ ᠬᠢᠩᠭ᠋ᠠᠨ ᠠᠢ᠌ᠮᠠᠭ᠎ᠤᠨ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠰᠠᠯᠠᠭ᠎ᠠ ᠠᠩᠭᠢ᠎ᠠᠴᠠ ᠲᠦᠷᠦᠭᠦᠯᠡᠨ᠂ ᠡᠯ᠎ᠡ ᠬᠣᠰᠢᠭᠤ ᠰᠢᠶᠠᠨ ᠬᠣᠲᠠ ᠵᠢᠨ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠶᠡᠬᠡ ᠠᠩᠭᠢ᠎ᠠᠴᠠ 5 — 6 ᠨᠢᠷᠤᠭᠤᠪᠴᠢ ᠬᠦᠴᠦᠨ᠎ᠢ ᠰᠤᠭᠤᠴᠢᠨ ᠲᠣᠬᠢᠷᠠᠭᠤᠯᠵᠤ᠂ ᠣᠨᠳᠣᠣ ᠭᠠᠵᠠᠷ᠎ᠲᠤ ᠣᠴᠢᠵᠤ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠪᠠᠢ᠌ᠴᠠᠭ᠋ᠠᠯᠲᠠ ᠬᠢᠪᠡ᠃ ᠪᠠᠢ᠌ᠴᠠᠭ᠋ᠠᠯᠲᠠ᠎ᠳᠤ ᠭᠣᠣᠯᠳᠠᠭᠤ ᠣᠨᠳᠣᠣ ᠭᠠᠵᠠᠷ᠎ᠲᠤ ᠰᠣᠯᠪᠢᠴᠠᠭᠤᠯᠤᠨ ᠬᠠᠤᠯᠢ ᠬᠡᠷᠡᠭᠵᠢᠭᠦᠯᠬᠦ᠂ ᠭᠣᠣᠯᠳᠠᠯᠭ᠎ᠠ᠎ᠲᠠᠢ ᠲᠣᠣᠷ ᠬᠡᠰᠡᠭ᠎ᠢ ᠬᠤᠪᠢᠶᠠᠷᠢᠯᠠᠨ ᠰᠠᠯᠭ᠋ᠠᠬᠤ ᠵᠡᠷᠭᠡ ᠠᠷᠭ᠎ᠠ ᠬᠡᠯᠪᠡᠷᠢ᠎ᠪᠠᠷ᠂ ᠲᠤᠰᠠᠭ᠋ᠠᠷ ᠵᠶ᠋ᠠᠨ ᠬᠢᠨᠠᠨ ᠪᠠᠢ᠌ᠴᠠᠭ᠋ᠠᠬᠤ᠂ ᠮᠥᠷᠳᠡᠵᠦ ᠬᠢᠨᠠᠨ ᠭᠦᠢ᠍ᠴᠡᠳᠬᠡᠬᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠡᠯᠡᠨ ᠨᠡᠪᠲᠡᠷᠡᠭᠦᠯᠬᠦ᠂ ᠪᠣᠯᠵᠣᠨ ᠶᠠᠷᠢᠯᠴᠠᠵᠤ ᠬᠠᠷᠢᠭᠤᠴᠠᠯᠭ᠎ᠠ ᠬᠡᠯᠡᠯᠴᠡᠬᠦ ᠵᠡᠷᠭᠡ ᠬᠥᠳᠡᠯᠭᠡᠭᠡᠨ ᠥᠷᠨᠢᠭᠦᠯᠵᠦ᠂ ᠡᠩ᠎ᠤᠨ ᠦᠶ᠎ᠡ᠎ᠳᠤ ᠡᠵᠡᠮᠰᠢᠬᠦ᠎ᠳᠤ ᠬᠦᠴᠢᠷᠲᠡᠢ ᠣᠷᠴᠢᠨ ᠲᠣᠭᠣᠷᠢᠨ᠎ᠤ ᠪᠣᠬᠢᠷᠲᠤᠯ᠎ᠤᠨ ᠠᠰᠠᠭᠤᠳᠠᠯ᠎ᠢ ᠰᠡᠷᠡᠨ ᠢᠯᠡᠷᠡᠭᠦᠯᠵᠦ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠵᠦ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠴᠢᠩᠭ᠎ᠠ ᠣᠨᠢᠯᠠᠵᠠᠢ᠃
      ᠲᠤᠰ ᠤᠳᠠᠭ᠋ᠠᠨ᠎ᠤ ᠣᠨᠳᠣᠣ ᠭᠠᠵᠠᠷ᠎ᠲᠤ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠪᠠᠢ᠌ᠴᠠᠭ᠋ᠠᠯᠲᠠ᠎ᠨᠢ ᠭᠣᠣᠯᠳᠠᠭᠤ ᠳᠣᠣᠷᠠᠬᠢ ᠭᠤᠷᠪᠠᠨ ᠲᠠᠯ᠎ᠠ᠎ᠪᠠᠷ ᠢᠯᠡᠷᠡᠵᠦ ᠪᠠᠢ᠌ᠨ᠎ᠠ᠃ ᠨᠢᠭᠡ᠎ᠳᠤ᠂ ᠬᠡᠯᠪᠡᠷᠢ᠎ᠳᠤ ᠰᠢᠨ᠎ᠡ ᠵᠢ ᠡᠭᠦᠳᠬᠦ ᠵᠢ ᠴᠢᠬᠤᠯᠠᠴᠢᠯᠠᠪᠠ᠃ ᠠᠷᠭ᠎ᠠ ᠠᠪᠴᠢᠯ ᠵᠶ᠋ᠠᠨ ᠴᠢᠩᠭ᠋ᠠᠷᠠᠭᠤᠯᠤᠨ ᠬᠠᠤᠯᠢ ᠬᠡᠷᠡᠭᠵᠢᠭᠦᠯᠬᠦ ᠵᠢ ᠬᠢᠨᠠᠨ ᠪᠠᠢ᠌ᠴᠠᠭ᠋ᠠᠵᠤ᠂ 《ᠠᠮᠠᠷᠠᠯᠲᠠ ᠵᠢᠨ ᠡᠳᠦᠷ᠎ᠤᠨ ᠪᠠᠢ᠌ᠴᠠᠭ᠋ᠠᠯᠲᠠ》 ᠪᠠ 《ᠰᠥᠨᠢ ᠵᠢᠨ ᠪᠠᠢ᠌ᠴᠠᠭ᠋ᠠᠯᠲᠠ》 ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠪᠣᠬᠢᠷᠲᠤᠯ ᠡᠳ᠋ ᠭᠠᠳᠠᠭᠰᠢᠯᠠᠭᠤᠯᠬᠤ ᠨᠢᠭᠡᠴᠢ ᠵᠢᠨ ᠣᠨᠴᠠᠭ᠋ᠠᠢ ᠦᠢ᠍ᠯᠡᠳᠪᠦᠷᠢᠯᠡᠯ᠎ᠤᠨ ᠭᠠᠷ ᠤᠷᠠᠯᠠᠯ ᠪᠠ ᠭᠠᠳᠠᠭᠰᠢᠯᠠᠭᠤᠯᠬᠤ ᠵᠢᠮ᠎ᠡ ᠶᠣᠰᠣ᠎ᠳᠤ ᠴᠢᠭᠯᠡᠭᠦᠯᠦᠨ᠂ ᠴᠢᠭᠯᠡᠯᠲᠦ ᠴᠢᠨᠠᠷᠲᠠᠢ᠎ᠪᠠᠷ ᠬᠠᠤᠯᠢ ᠬᠡᠷᠡᠭᠵᠢᠭᠦᠯᠬᠦ ᠴᠠᠭ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠬᠢᠨᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠪᠠᠯᠠᠢ ᠣᠷᠣᠨ ᠪᠠ ᠵᠠᠢ ᠵᠠᠪᠰᠠᠷ᠎ᠢ ᠬᠦᠴᠦᠯᠡᠨ ᠤᠰᠠᠳᠬᠠᠵᠤ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢᠨ ᠦᠵᠡᠯ ᠤᠬᠠᠮᠰᠠᠷ᠎ᠢ᠎ᠨᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃ ᠬᠣᠶᠠᠷ᠎ᠲᠤ᠂ ᠲᠤᠬᠠᠢ ᠵᠢᠨ ᠭᠠᠵᠠᠷ᠎ᠲᠤ ᠪᠣᠳᠠᠲᠤ ᠳᠠᠢ᠌ᠯᠠᠯᠳᠤᠭ᠋ᠠᠨ᠎ᠤ ᠪᠣᠯᠪᠠᠰᠤᠷᠠᠭᠤᠯᠤᠯ ᠬᠢᠬᠦ ᠵᠢ ᠴᠢᠬᠤᠯᠠᠴᠢᠯᠠᠪᠠ᠃ ᠬᠡᠷᠡᠭ ᠵᠶ᠋ᠡᠷ ᠵᠢᠭ᠋ᠠᠨ ᠰᠤᠷᠭ᠋ᠠᠵᠤ᠂ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ᠂ ᠲᠡᠮᠳᠡᠭᠯᠡᠯ᠂ ᠭᠡᠷᠡᠴᠢ᠂ ᠪᠢᠴᠢᠭᠯᠡᠭᠰᠡᠨ ᠮᠠᠲ᠋ᠧᠷᠢᠶᠠᠯ᠎ᠤᠨ ᠬᠡᠪ᠂ ᠰᠢᠢ᠍ᠳᠬᠡᠨ ᠲᠣᠷᠭᠣᠭ᠋ᠠᠬᠤ ᠳᠡᠰ ᠳᠠᠷᠠᠭ᠋ᠠᠯᠠᠯ᠂ ᠰᠢᠢ᠍ᠳᠬᠡᠨ ᠲᠣᠷᠭᠣᠭ᠋ᠠᠬᠤ ᠦᠨᠳᠦᠰᠦ ᠪᠠᠷᠢᠮᠲᠠ ᠵᠡᠷᠭᠡ ᠲᠠᠯ᠎ᠠ᠎ᠠᠴᠠ᠂ ᠡᠯ᠎ᠡ ᠲᠥᠷᠥᠯ ᠬᠡᠯᠪᠡᠷᠢ ᠵᠢᠨ ᠬᠡᠷᠡᠭ᠎ᠲᠤ ᠲᠤᠬᠠᠢ ᠵᠢᠨ ᠲᠠᠯᠠᠪᠤᠷ᠎ᠤᠨ ᠶᠠᠷᠢᠯᠴᠠᠭ᠎ᠠ ᠰᠣᠯᠢᠯᠴᠠᠭ᠎ᠠ ᠬᠢᠪᠡ᠃ ᠠᠰᠠᠭᠤᠳᠠᠯ᠎ᠢ ᠰᠡᠷᠡᠵᠦ ᠢᠯᠡᠷᠡᠭᠦᠯᠬᠦ ᠪᠠ ᠭᠡᠷᠡᠴᠢ ᠠᠪᠬᠤ᠂ ᠬᠠᠤᠯᠢ ᠴᠠᠭ᠋ᠠᠵᠠ ᠵᠢ ᠲᠣᠬᠢᠷᠠᠭᠤᠯᠤᠨ ᠬᠡᠷᠡᠭᠯᠡᠬᠦ᠂ ᠰᠢᠢ᠍ᠳᠬᠡᠨ ᠲᠣᠷᠭᠣᠭ᠋ᠠᠬᠤ ᠳᠡᠰ ᠳᠠᠷᠠᠭ᠋ᠠᠯᠠᠯ᠎ᠢ ᠵᠢᠷᠤᠮᠯᠠᠬᠤ᠂ ᠰᠢᠢ᠍ᠳᠬᠡᠨ ᠲᠣᠷᠭᠣᠭ᠋ᠠᠬᠤ ᠮᠡᠳᠡᠭᠡ ᠵᠠᠩᠭᠢ ᠵᠢ ᠬᠡᠷᠡᠭᠯᠡᠬᠦ ᠵᠡᠷᠭᠡ ᠳᠥᠷᠪᠡᠨ ᠲᠠᠯ᠎ᠠ ᠵᠢᠨ ᠲᠣᠭᠣᠷᠢᠨ᠎ᠳᠤ ᠴᠢᠳᠠᠪᠤᠷᠢ᠎ᠪᠠᠨ ᠳᠡᠭᠡᠭᠰᠢᠯᠡᠭᠦᠯᠪᠡ᠃ ᠭᠤᠷᠪᠠ᠎ᠳᠤ᠂ ᠲᠤᠷᠰᠢᠯᠭ᠎ᠠ᠎ᠪᠠᠨ ᠰᠣᠯᠢᠯᠴᠠᠬᠤ ᠵᠢ ᠴᠢᠬᠤᠯᠠᠴᠢᠯᠠᠪᠠ᠃ ᠡᠯ᠎ᠡ ᠭᠠᠵᠠᠷ᠎ᠤᠨ ᠬᠠᠮᠢᠶᠠᠷᠤᠯᠲᠠ ᠵᠢᠨ ᠶᠠᠪᠤᠴᠠ᠎ᠳᠤ ᠢᠯᠡᠳᠲᠡ ᠦᠷ᠎ᠡ ᠪᠦᠲᠦᠮᠵᠢ ᠣᠯᠣᠭᠰᠠᠨ ᠨᠡᠢ᠌ᠲᠡᠯᠢᠭ ᠬᠡᠷᠡᠭ᠎ᠠᠴᠠ ᠭᠠᠷᠳᠠᠵᠤ᠂ ᠡᠳᠦᠷ ᠲᠤᠲᠤᠮ᠎ᠤᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠶᠠᠪᠤᠴᠠ᠎ᠳᠤ ᠣᠷᠣᠰᠢᠵᠤ ᠪᠠᠢ᠌ᠭ᠎ᠠ ᠠᠰᠠᠭᠤᠳᠠᠯ ᠵᠢᠴᠢ ᠰᠢᠢ᠍ᠳᠪᠦᠷᠢᠯᠡᠬᠦ ᠠᠷᠭ᠎ᠠ ᠵᠢ ᠬᠠᠮᠲᠤ᠎ᠪᠠᠷ ᠶᠠᠷᠢᠯᠴᠠᠨ ᠰᠦᠪᠡᠭᠴᠢᠯᠡᠵᠦ᠂ ᠡᠯ᠎ᠡ ᠭᠠᠵᠠᠷ᠎ᠤᠨ ᠲᠡᠷᠢᠭᠦᠨ᠎ᠤ ᠲᠤᠷᠰᠢᠯᠭ᠎ᠠ ᠵᠢ ᠰᠠᠢ᠌ᠲᠤᠷ ᠣᠢ᠌ᠯᠠᠭ᠋ᠠᠨ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠳᠤ ᠦᠨᠡᠨ ᠬᠦ᠌ ᠨᠠᠢ᠌ᠳᠠᠪᠤᠷᠢᠵᠢᠭᠤᠯᠵᠤ᠂ ᠪᠦᠬᠦ ᠠᠢ᠌ᠮᠠᠭ᠎ᠤᠨ ᠣᠷᠴᠢᠨ ᠲᠣᠭᠣᠷᠢᠨ᠎ᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠵᠢ ᠰᠢᠨ᠎ᠡ ᠨᠢᠭᠡ ᠳᠡᠭᠲᠡᠷ᠎ᠲᠤ ᠭᠠᠷᠭ᠋ᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠢᠩᠬᠢᠨᠢ᠎ᠪᠠᠷ ᠫᠠᠢ᠌ᠰᠠ᠎ᠪᠠᠨ ᠡᠯᠭᠦᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠩᠬᠢᠨᠢ᠎ᠪᠠᠷ ᠰᠦᠯᠵᠢᠶ᠎ᠡ ᠨᠡᠪᠲᠡᠷᠡᠪᠡ
ᠪᠥ᠋ ᠰᠢᠶᠤᠤ ᠯᠢᠨ᠄ ᠰᠡᠳᠬᠢᠯ ᠵᠢᠷᠦᠬᠡᠨ᠎ᠳᠤ ᠤᠶᠠᠩᠭ᠋ᠠᠷᠠᠬᠰᠠᠨ ᠲᠡᠯ᠎ᠡ ᠨᠤᠳᠤᠭ᠎ᠤᠨ ᠲᠠᠭᠤᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2018 ᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠨᠢᠭᠡᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
2018 ᠣᠨ᠎ᠤ ᠪᠦᠬᠦ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ ᠠᠮᠵᠢᠯᠲᠠ᠎ᠲᠠᠢ ᠥᠨᠳᠥᠷᠯᠡᠪᠡ
 
             蒙ICP备05000248号