ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠬᠢᠭᠡᠳ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
ᠨᠡᠶ᠋ᠢᠲᠡᠯᠡᠭᠰᠡᠨ ᠴᠠᠭ᠄ 2018-11-09

ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠬᠢᠭᠡᠳ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
      11 ᠳ᠋ᠦ᠍ᠭᠡᠷ ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠬᠢᠭᠡᠳ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ ᠺᠣᠮᠫᠠᠨᠢ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠭᠡᠷ᠎ᠡ ᠲᠣᠭᠲᠠᠬᠤ ᠶᠣᠰᠣᠯᠠᠯ ᠬᠥᠬᠡᠬᠣᠲᠠ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ᠂ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ ᠺᠣᠮᠫᠠᠨᠢ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠵᠢᠨ ᠳᠡᠳ᠋ ᠶᠡᠷᠦᠩᠬᠡᠢ ᠳᠠᠭ᠋ᠠᠭ᠋ᠠᠮᠠᠯ ᠼᠦᠢ ᠯᠧᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠵᠠᠢ᠃
      ᠲᠤᠰ ᠤᠳᠠᠭ᠋ᠠᠨ᠎ᠤ ᠭᠡᠷ᠎ᠡ ᠲᠣᠭᠲᠠᠬᠤ ᠶᠣᠰᠣᠯᠠᠯ᠎ᠨᠢ ᠥᠪᠥᠷ ᠮᠣᠩᠭᠣᠯ᠎ᠤᠨ ᠪᠣᠬᠢᠷᠲᠤᠯ ᠦᠭᠡᠢ ᠬᠥᠭᠵᠢᠯᠲᠡ ᠵᠢᠨ ᠣᠨᠣᠯᠵᠢᠬᠤᠨ᠎ᠢ ᠠᠬᠢᠭᠤᠯᠤᠨ᠂ ᠪᠦᠬᠦ ᠨᠡᠢ᠌ᠭᠡᠮ᠎ᠤᠨ ᠡᠯ᠎ᠡ ᠲᠠᠯ᠎ᠠ ᠵᠢᠨ᠎ᠬᠢᠨ᠎ᠤ ᠬᠦᠴᠦᠨ᠎ᠲᠠᠢ ᠥᠷᠭᠡᠨ ᠵᠶ᠋ᠠᠷ ᠪᠦᠯᠬᠦᠮᠳᠡᠬᠦ ᠪᠠ ᠭᠦᠢ᠍ᠴᠡᠳ ᠲᠦᠰᠢᠭᠯᠡᠵᠦ᠂ ᠥᠪᠥᠷ ᠮᠣᠩᠭᠣᠯ᠎ᠤᠨ ᠡᠨᠡ ᠬᠦ᠌ ᠬᠡᠰᠡᠭ ᠨᠣᠭᠣᠭ᠋ᠠᠨ ᠥᠩᠭᠡ ᠵᠢ ᠬᠠᠮᠲᠤ᠎ᠪᠠᠷ ᠰᠠᠬᠢᠨ ᠬᠠᠮᠠᠭ᠋ᠠᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠢᠷᠠᠭᠤ ᠠᠯᠳᠠᠷ᠎ᠢ ᠰᠠᠢ᠌ᠲᠤᠷ ᠬᠠᠮᠠᠭ᠋ᠠᠯᠠᠨ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠲᠦᠮᠡᠨ ᠭᠠᠵᠠᠷ᠎ᠤᠨ ᠨᠣᠭᠣᠭ᠋ᠠᠨ ᠥᠩᠭᠡᠲᠦ ᠤᠷᠲᠤ ᠴᠠᠭ᠋ᠠᠨ ᠬᠡᠷᠡᠮ᠎ᠢ ᠴᠣᠭᠴᠠᠯᠠᠨ ᠪᠠᠢ᠌ᠭᠤᠯᠬᠤ᠎ᠪᠠᠷ ᠵᠣᠷᠢᠯᠲᠠ᠎ᠪᠠᠨ ᠪᠣᠯᠭ᠋ᠠᠪᠠ᠃ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ ᠺᠣᠮᠫᠠᠨᠢ᠎ᠨᠢ ᠤᠯᠤᠰ᠎ᠤᠨ ᠥᠮᠴᠢᠯᠡᠯᠲᠦ ᠲᠣᠮᠣ ᠬᠡᠯᠪᠡᠷᠢ ᠵᠢᠨ ᠠᠵᠤ ᠠᠬᠤᠢ᠌ᠯᠠᠯ ᠪᠠ ᠳᠡᠯᠡᠬᠡᠢ ᠵᠢᠨ 500 ᠬᠦᠴᠦᠷᠬᠡᠭ ᠠᠵᠤ ᠠᠬᠤᠢ᠌ᠯᠠᠯ᠎ᠤᠨ ᠨᠢᠭᠡ ᠪᠣᠯᠣᠭᠰᠠᠨ᠎ᠤ ᠬᠤᠪᠢ᠎ᠳᠤ᠂ ᠰᠢᠤᠳᠠᠨ᠎ᠤ ᠨᠡᠢ᠌ᠳᠡᠮ᠎ᠤᠨ ᠦᠢ᠍ᠯᠡᠴᠢᠯᠡᠭᠡ ᠬᠢᠭᠡᠳ ᠣᠨᠴᠠᠭ᠋ᠠᠢ ᠦᠢ᠍ᠯᠡᠴᠢᠯᠡᠭᠡ ᠵᠢᠨ ᠡᠭᠦᠷᠭᠡ ᠵᠢᠨ ᠢᠷᠠᠭᠤ ᠠᠯᠳᠠᠷᠲᠤ ᠬᠠᠷᠢᠭᠤᠴᠠᠯᠤᠭ᠎ᠠ ᠵᠢ ᠡᠭᠦᠷᠭᠡᠯᠡᠵᠦ ᠪᠠᠢ᠌ᠳᠠᠭ ᠪᠣᠯᠬᠣᠷ᠂ ᠡᠨᠡ ᠤᠳᠠᠭ᠋ᠠᠨ᠎ᠤ ᠬᠡᠯᠡᠯᠴᠡᠭᠡᠷ᠎ᠢ ᠠᠮᠵᠢᠯᠲᠠ᠎ᠲᠠᠢ ᠲᠣᠭᠲᠠᠭᠰᠠᠨ᠎ᠨᠢ᠂ 《ᠵᠠᠰᠠᠭ᠎ᠤᠨ ᠣᠷᠳᠣᠨ + ᠤᠯᠤᠰ᠎ᠤᠨ ᠥᠮᠴᠢᠯᠡᠯᠲᠦ ᠠᠵᠤ ᠠᠬᠤᠢ᠌ᠯᠠᠯ》᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠢᠯᠠᠯᠲᠠ ᠣᠯᠬᠤ ᠵᠢ ᠬᠠᠮᠲᠤ᠎ᠪᠠᠷ ᠠᠬᠢᠭᠤᠯᠬᠤ ᠪᠦᠲᠦᠮᠵᠢᠲᠡᠢ ᠲᠤᠷᠰᠢᠴᠠ ᠪᠠᠢ᠌ᠵᠤ᠂ ᠡᠭᠦᠨ᠎ᠤ ᠤᠯᠠᠮ᠎ᠠᠴᠠ ᠬᠠᠮᠲᠤᠷᠠᠨ ᠠᠵᠢᠯᠯᠠᠵᠤ ᠬᠠᠮᠲᠤ᠎ᠪᠠᠷ ᠢᠯᠠᠯᠲᠠ ᠣᠯᠬᠤ ᠵᠢ ᠪᠡᠶᠡᠯᠡᠭᠦᠯᠬᠦ ᠵᠢ ᠬᠠᠷᠠᠭᠤᠯᠵᠤ ᠪᠠᠢ᠌ᠨ᠎ᠠ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠭᠡᠷ᠎ᠡ ᠲᠣᠭᠲᠠᠬᠤ ᠶᠣᠰᠣᠯᠠᠯ ᠳᠡᠭᠡᠷ᠎ᠡ ᠦᠭᠡ ᠶᠠᠷᠢᠬᠤ᠎ᠳᠤ᠎ᠪᠠᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠬᠢᠭᠡᠳ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ ᠺᠣᠮᠫᠠᠨᠢ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠬᠠᠮᠲᠤᠷᠠᠨ ᠠᠵᠢᠯᠯᠠᠵᠤ᠂ ᠳᠠᠪᠠᠭᠤᠯᠢᠭ ᠵᠶ᠋ᠠᠷ ᠵᠶ᠋ᠠᠨ ᠬᠠᠷᠢᠯᠴᠠᠨ ᠨᠥᠬᠥᠪᠦᠷᠢᠯᠡᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠥᠮᠥᠵᠢᠯ᠎ᠢ ᠴᠢᠩᠭ᠋ᠠᠳᠬᠠᠬᠤ ᠵᠢ ᠪᠠᠷᠢᠮᠲᠠᠯᠠᠬᠤ᠎ᠨᠢ᠂ ᠬᠣᠶᠠᠷ ᠲᠠᠯ᠎ᠠ ᠵᠢᠨ᠎ᠬᠢᠨ᠎ᠤ ᠥᠪᠡᠷ ᠥᠪᠡᠷ᠎ᠤᠨ ᠡᠭᠦᠷᠭᠡ ᠬᠠᠷᠢᠭᠤᠴᠠᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ᠎ᠪᠠᠨ ᠰᠠᠭᠤᠷᠢᠯᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠠᠯᠤᠰ ᠬᠡᠳᠦ ᠵᠢᠨ ᠬᠥᠭᠵᠢᠯᠲᠡ ᠵᠢ ᠠᠬᠢᠭᠤᠯᠬᠤ᠎ᠳᠤ ᠠᠰᠢᠭᠲᠠᠢ᠎ᠪᠠᠷ ᠪᠠᠷᠠᠬᠤ ᠦᠭᠡᠢ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠤᠭ ᠰᠤᠷᠪᠤᠯᠵᠢ ᠵᠢ ᠢᠯᠡᠷᠡᠭᠦᠯᠦᠨ᠂ ᠠᠮᠢ ᠠᠬᠤᠢ ᠵᠢᠨ ᠣᠷᠴᠢᠨ ᠲᠣᠭᠣᠷᠢᠨ᠎ᠤ ᠰᠣᠶᠣᠯ᠎ᠢ ᠪᠠᠳᠠᠷᠠᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠨᠥᠯᠥᠭᠡᠯᠡᠬᠦ ᠬᠦᠴᠦᠨ ᠪᠠ ᠢᠷᠠᠭᠤ ᠠᠯᠳᠠᠷ᠎ᠤᠨ ᠬᠡᠮᠵᠢᠶ᠎ᠡ ᠵᠢ ᠥᠷᠭᠡᠳᠬᠡᠬᠦ᠎ᠳᠤ ᠠᠰᠢᠭᠲᠠᠢ ᠪᠠᠢ᠌ᠳᠠᠭ᠃ ᠠᠮᠢ ᠠᠬᠤᠢ ᠵᠢᠨ ᠪᠣᠯᠪᠠᠰᠤᠨ᠎ᠨᠢ ᠬᠠᠮᠲᠤ᠎ᠪᠠᠷ ᠪᠠᠢ᠌ᠭᠤᠯᠵᠤ ᠬᠠᠮᠲᠤ᠎ᠳᠤ᠎ᠪᠠᠨ ᠬᠦᠷᠲᠡᠬᠦ ᠵᠢ ᠱᠠᠭ᠋ᠠᠷᠳᠠᠨ᠂ ᠪᠣᠬᠢᠷᠲᠤᠯ ᠦᠭᠡᠢ ᠬᠥᠭᠵᠢᠯᠲᠡ᠎ᠨᠢ ᠪᠦᠬᠦ ᠠᠷᠠᠳ᠎ᠤᠨ ᠬᠠᠮᠲᠤ᠎ᠪᠠᠷ ᠵᠶ᠋ᠠᠨ ᠠᠬᠢᠭᠤᠯᠬᠤ ᠵᠢ ᠱᠠᠭ᠋ᠠᠷᠳᠠᠳᠠᠭ᠂ ᠡᠭᠦᠨ᠎ᠠᠴᠠ ᠬᠣᠢ᠌ᠰᠢᠳᠠ ᠵᠢᠨ ᠠᠵᠢᠯ᠎ᠳᠤ᠂ ᠬᠠᠮᠲᠤᠷᠠᠯᠴᠠᠭ᠋ᠠᠨ᠎ᠤ ᠬᠣᠶᠠᠷ ᠲᠠᠯ᠎ᠠ᠎ᠪᠠᠷ ᠵᠶ᠋ᠠᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ ᠶᠡᠬᠡ ᠲᠠᠯ᠎ᠠ᠎ᠳᠤ ᠢᠳᠡᠪᠬᠢᠲᠡᠢ ᠰᠠᠭᠤᠷᠢᠯᠠᠨ᠂ ᠠᠮᠢ ᠠᠬᠤᠢ ᠵᠢᠨ ᠪᠣᠯᠪᠠᠰᠤᠨ᠎ᠤ ᠭᠣᠣᠯ ᠤᠷᠤᠰᠬᠠᠯ᠎ᠤᠨ ᠳᠠᠭᠤᠨ᠎ᠢ ᠰᠠᠢ᠌ᠲᠤᠷ ᠳᠠᠮᠵᠢᠭᠤᠯᠵᠤ᠂ ᠪᠣᠬᠢᠷᠲᠤᠯ ᠦᠭᠡᠢ᠎ᠪᠠᠷ ᠡᠭᠦᠳᠦᠨ ᠪᠦᠲᠦᠭᠡᠬᠦ ᠠᠵᠢᠯ᠎ᠢ ᠰᠠᠢ᠌ᠲᠤᠷ ᠰᠠᠨᠠᠭ᠋ᠠᠴᠢᠯᠠᠵᠤ᠂ ᠨᠡᠩ ᠥᠷᠭᠡᠨ ᠬᠠᠷᠠᠭ᠋ᠠᠰᠤ᠂ ᠨᠡᠩ ᠨᠡᠭᠡᠭᠡᠯᠲᠡ ᠬᠢᠬᠦ ᠵᠣᠷᠢᠭ ᠰᠠᠨᠠᠭ᠎ᠠ᠂ ᠨᠡᠩ ᠪᠣᠳᠠᠲᠠᠢ ᠣᠪᠣᠷ ᠰᠤᠷᠲᠠᠯ ᠵᠶ᠋ᠠᠷ ᠰᠢᠯᠢᠳᠡᠭ ᠴᠢᠨᠠᠷᠲᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠪᠦᠲᠦᠭᠡᠭᠳᠡᠬᠦᠨ᠎ᠢ ᠲᠠᠰᠤᠷᠠᠯᠲᠠ ᠦᠭᠡᠢ ᠳᠡᠯᠭᠡᠷᠡᠭᠦᠯᠵᠦ᠂ ᠪᠦᠬᠦ ᠨᠡᠢ᠌ᠭᠡᠮ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠣᠬᠢᠷᠲᠤᠯ ᠦᠭᠡᠢ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠬᠦᠰᠡᠵᠦ ᠪᠠᠢ᠌ᠨ᠎ᠠ ᠭᠡᠵᠡᠢ᠃
      ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠰᠢᠤᠳᠠᠨ᠎ᠤ 《ᠮᠢᠩᠭ᠋ᠠᠨ ᠵᠠᠯᠠᠭᠤᠴᠤᠳ᠎ᠤᠨ ᠣᠷᠴᠢᠨ ᠲᠣᠭᠣᠷᠢᠨ᠎ᠳᠤ ᠨᠥᠬᠥᠷᠰᠡᠭ ᠡᠯᠴᠢᠨ᠎ᠤ ᠪᠦᠯᠬᠦᠮ》 ᠭᠡᠬᠦ ᠲᠤᠭ ᠭᠠᠷᠳᠠᠭᠤᠯᠬᠤ ᠶᠣᠰᠣᠯᠠᠯ ᠶᠠᠪᠤᠭᠤᠯᠵᠤ᠂ ᠣᠷᠴᠢᠨ ᠲᠣᠭᠣᠷᠢᠨ᠎ᠳᠤ ᠨᠥᠬᠥᠷᠰᠡᠭ ᠡᠯᠴᠢᠨ᠎ᠤ ᠲᠥᠯᠥᠭᠡᠯᠡᠭᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠨᠠᠭ᠋ᠠᠴᠢᠯᠠᠭ᠎ᠠ ᠵᠢᠨ ᠪᠢᠴᠢᠭ᠎ᠢ ᠵᠠᠷᠯᠠᠨ ᠤᠩᠰᠢᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠵᠢᠨ ᠭᠤᠷᠪᠠᠳᠤᠭ᠋ᠠᠷ ᠤᠳᠠᠭ᠋ᠠᠨ ᠲᠧᠯᠸᠢᠰ ᠬᠤᠷᠠᠯ᠎ᠢ ᠬᠤᠷᠠᠯᠳᠤᠭᠤᠯᠪᠠ
ᠬᠢᠩᠭ᠋ᠠᠨ ᠠᠢ᠌ᠮᠠᠭ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠵᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠬᠦᠴᠦᠯᠡᠵᠦ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠢᠩᠬᠢᠨᠢ᠎ᠪᠠᠷ ᠫᠠᠢ᠌ᠰᠠ᠎ᠪᠠᠨ ᠡᠯᠭᠦᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠩᠬᠢᠨᠢ᠎ᠪᠠᠷ ᠰᠦᠯᠵᠢᠶ᠎ᠡ ᠨᠡᠪᠲᠡᠷᠡᠪᠡ
ᠪᠥ᠋ ᠰᠢᠶᠤᠤ ᠯᠢᠨ᠄ ᠰᠡᠳᠬᠢᠯ ᠵᠢᠷᠦᠬᠡᠨ᠎ᠳᠤ ᠤᠶᠠᠩᠭ᠋ᠠᠷᠠᠬᠰᠠᠨ ᠲᠡᠯ᠎ᠡ ᠨᠤᠳᠤᠭ᠎ᠤᠨ ᠲᠠᠭᠤᠤ
 
             蒙ICP备05000248号