ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠬᠥᠬᠡᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠨᠡᠭᠦᠷᠡᠰᠦᠨ᠎ᠤ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠪᠠᠷᠢᠮᠵᠢᠶ᠎ᠠ᠎ᠠᠴᠠ ᠬᠡᠲᠦᠷᠡᠭᠰᠡᠨ ᠠᠵᠤ ᠠᠬᠤᠢ᠌ᠯᠠᠯ᠎ᠳᠤ ᠬᠦᠨᠳᠦ ᠴᠣᠬᠢᠯᠲᠠ ᠥᠭᠪᠡ
ᠨᠡᠶ᠋ᠢᠲᠡᠯᠡᠭᠰᠡᠨ ᠴᠠᠭ᠄ 2018-12-11

      ᠡᠪᠦᠯ᠎ᠤᠨ ᠤᠯᠠᠷᠢᠯ᠎ᠤᠨ ᠨᠡᠭᠦᠷᠡᠰᠦ ᠲᠦᠯᠡᠵᠦ ᠳᠤᠯᠠᠭ᠋ᠠᠴᠠᠭᠤᠯᠬᠤ ᠬᠤᠭᠤᠴᠠᠭ᠋ᠠᠨ᠎ᠤ ᠣᠷᠴᠢᠨ ᠲᠣᠭᠣᠷᠢᠨ ᠠᠭᠤᠷ ᠠᠮᠢᠰᠬᠤᠯ᠎ᠤᠨ ᠶᠠᠰᠤ ᠴᠢᠨᠠᠷ᠎ᠢ ᠤᠯᠠᠮ ᠨᠢᠭᠡ ᠠᠯᠬᠤᠮ ᠪᠠᠲᠤᠯᠠᠬᠤ ᠵᠢᠨ ᠲᠤᠰᠠᠳᠠ᠂ ᠡᠮᠦᠨᠡᠬᠡᠨ᠂ ᠬᠥᠬᠡᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠬᠥᠬᠡᠬᠣᠲᠠ ᠵᠢᠨ ᠬᠤᠩ ᠺᠦᠨ ᠢᠯᠴᠢ ᠵᠢᠨ ᠬᠦᠴᠦᠨ᠎ᠤ ᠬᠢᠵᠠᠭ᠋ᠠᠷᠲᠤ ᠺᠣᠮᠫᠠᠨᠢ᠂ ᠬᠥᠬᠡᠬᠣᠲᠠ ᠵᠢᠨ ᠮᠧᠩ ᠱᠧᠩ ᠢᠯᠴᠢ ᠬᠠᠩᠭ᠋ᠠᠬᠤ ᠦᠢ᠍ᠯᠡᠴᠢᠯᠡᠭᠡ ᠵᠢᠨ ᠬᠢᠵᠠᠭ᠋ᠠᠷᠲᠤ ᠺᠣᠮᠫᠠᠨᠢ ᠪᠠ ᠲᠣᠭᠲᠠᠬᠤ ᠰᠢᠶᠠᠨ᠎ᠤ ᠵᠦᠩ ᠰᠢᠨ ᠢᠯᠴᠢ ᠵᠢᠨ ᠬᠦᠴᠦᠨ᠎ᠤ ᠬᠢᠵᠠᠭ᠋ᠠᠷᠲᠤ ᠺᠣᠮᠫᠠᠨᠢ ᠵᠡᠷᠭᠡ ᠨᠡᠭᠦᠷᠡᠰᠦᠨ᠎ᠤ ᠶᠠᠰᠤ ᠴᠢᠨᠠᠷ᠎ᠤᠨ ᠰᠢᠯᠭ᠋ᠠᠨ ᠬᠡᠮᠵᠢᠯᠲᠡ᠎ᠳᠤ ᠪᠠᠷᠢᠮᠵᠢᠶ᠎ᠠ᠎ᠠᠴᠠ ᠬᠡᠲᠦᠷᠡᠭᠰᠡᠨ ᠪᠠ ᠪᠠᠷᠢᠮᠵᠢᠶ᠎ᠠ᠎ᠠᠴᠠ ᠬᠡᠲᠦᠷᠡᠬᠦ ᠭᠡᠵᠦ ᠪᠠᠢ᠌ᠭ᠎ᠠ 3 ᠠᠵᠤ ᠠᠬᠤᠢ᠌ᠯᠠᠯ᠎ᠲᠠᠢ ᠪᠣᠯᠵᠣᠨ ᠶᠠᠷᠢᠯᠴᠠᠵᠠᠢ᠃
      ᠪᠣᠯᠵᠣᠨ ᠶᠠᠷᠢᠯᠴᠠᠬᠤ ᠬᠤᠷᠠᠯ ᠳᠡᠭᠡᠷ᠎ᠡ᠂ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠡᠩ ᠲᠡᠷᠢᠭᠦᠨ᠎ᠳᠤ ᠬᠤᠩ ᠺᠦᠨ ᠢᠯᠴᠢ ᠵᠢᠨ ᠬᠦᠴᠦᠨ᠎ᠤ ᠬᠢᠵᠠᠭ᠋ᠠᠷᠲᠤ ᠺᠣᠮᠫᠠᠨᠢ᠂ ᠬᠥᠬᠡᠬᠣᠲᠠ ᠵᠢᠨ ᠮᠧᠩ ᠱᠧᠩ ᠢᠯᠴᠢ ᠬᠠᠩᠭ᠋ᠠᠬᠤ ᠦᠢ᠍ᠯᠡᠴᠢᠯᠡᠭᠡ ᠵᠢᠨ ᠬᠢᠵᠠᠭ᠋ᠠᠷᠲᠤ ᠺᠣᠮᠫᠠᠨᠢ ᠪᠠ ᠲᠣᠭᠲᠠᠬᠤ ᠰᠢᠶᠠᠨ᠎ᠤ ᠵᠦᠩ ᠰᠢᠨ ᠢᠯᠴᠢ ᠵᠢᠨ ᠬᠦᠴᠦᠨ᠎ᠤ ᠬᠢᠵᠠᠭ᠋ᠠᠷᠲᠤ ᠺᠣᠮᠫᠠᠨᠢ ᠵᠢᠨ 2018 ᠣᠨ᠎ᠤ ᠳᠥᠷᠪᠡᠳᠦᠭᠡᠷ ᠤᠯᠠᠷᠢᠯ (18 ᠳ᠋ᠤᠭ᠋ᠠᠷ ᠪᠦᠯᠦᠭ)᠎ᠤᠨ ᠨᠡᠭᠦᠷᠡᠰᠦᠨ᠎ᠤ ᠶᠠᠰᠤ ᠴᠢᠨᠠᠷ᠎ᠤᠨ ᠪᠠᠷᠢᠮᠵᠢᠶ᠎ᠠ᠎ᠠᠴᠠ ᠬᠡᠲᠦᠷᠡᠭᠰᠡᠨ ᠲᠣᠭ᠎ᠠ ᠪᠠᠷᠢᠮᠲᠠ ᠵᠢᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠪᠡ᠃ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠡᠯ᠎ᠡ ᠠᠵᠤ ᠠᠬᠤᠢ᠌ᠯᠠᠯ᠎ᠤᠨ 《ᠬᠥᠬᠡᠬᠣᠲᠠ ᠵᠢᠨ ᠲᠦᠯᠡᠰᠢᠨ᠎ᠳᠤ ᠬᠡᠷᠡᠭᠯᠡᠬᠦ ᠨᠡᠭᠦᠷᠡᠰᠦᠨ᠎ᠤ ᠶᠠᠰᠤ ᠴᠢᠨᠠᠷ᠎ᠤᠨ ᠥᠯᠢᠭᠡᠷ ᠠᠪᠬᠤ᠂ ᠭᠡᠷᠡᠴᠢ ᠠᠪᠬᠤ᠂ ᠰᠢᠯᠭ᠋ᠠᠨ ᠬᠡᠮᠵᠢᠬᠦ᠂ ᠰᠢᠢ᠍ᠳᠬᠡᠨ   ᠲᠣᠷᠭᠣᠭ᠋ᠠᠬᠤ ᠵᠢ   ᠵᠢᠷᠤᠮᠵᠢᠭᠤᠯᠬᠤ ᠵᠢᠨ   ᠬᠡᠷᠡᠭᠵᠢᠭᠦᠯᠬᠦ ᠠᠷᠭ᠎ᠠ》᠎ᠳᠤ ᠲᠣᠳᠣᠷᠬᠠᠢ ᠲᠣᠭᠲᠠᠭ᠋ᠠᠭᠰᠠᠨ 《ᠦᠨᠡᠰᠦ (Ad)≧ 16%᠂ ᠬᠦᠬᠦᠷ≧0.8% ᠪᠠᠢ᠌ᠭ᠎ᠠ ᠲᠠᠷᠠᠬᠠᠢ ᠪᠤᠲᠠᠷᠬᠠᠢ ᠨᠡᠭᠦᠷᠡᠰᠦ ᠵᠢ ᠬᠡᠷᠡᠭᠯᠡᠬᠦ ᠵᠢ ᠬᠢᠵᠠᠭ᠋ᠠᠷᠯᠠᠬᠤ》 ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠲᠣᠭᠲᠠᠭ᠋ᠠᠭᠰᠠᠨ ᠪᠠᠷᠢᠮᠵᠢᠶ᠎ᠠ᠎ᠳᠤ ᠨᠡᠢ᠌ᠴᠡᠭᠰᠡᠨ ᠨᠡᠭᠦᠷᠡᠰᠦ ᠵᠢ ᠬᠡᠷᠡᠭᠯᠡᠬᠦ ᠬᠡᠷᠡᠭᠲᠡᠢ; ᠬᠠᠮᠢᠶᠠᠷᠤᠯᠲᠠ ᠵᠢᠨ ᠳᠦᠷᠢᠮ ᠵᠶ᠋ᠠᠨ ᠵᠢᠷᠤᠮᠵᠢᠭᠤᠯᠤᠨ᠂ ᠡᠬᠡ ᠳᠠᠩᠰᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠥᠭᠡᠷᠦᠮᠵᠢ ᠵᠢᠨ ᠬᠡᠪ᠎ᠤᠨ ᠠᠵᠢᠯᠯᠠᠭ᠋ᠠᠨ᠎ᠢ ᠪᠠᠲᠤᠯᠠᠵᠤ᠂ ᠪᠣᠬᠢᠷᠲᠤᠯ ᠡᠳ᠋᠎ᠢ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠭᠡᠬᠦ ᠬᠡᠷᠡᠭᠲᠡᠢ ᠭᠡᠵᠦ ᠱᠠᠭ᠋ᠠᠷᠳᠠᠵᠠᠢ᠃
      ᠡᠭᠦᠨ᠎ᠤ ᠬᠠᠮᠲᠤ᠂ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠬᠥᠬᠡᠬᠣᠲᠠ ᠵᠢᠨ ᠮᠧᠩ ᠱᠧᠩ ᠢᠯᠴᠢ ᠬᠠᠩᠭ᠋ᠠᠬᠤ ᠦᠢ᠍ᠯᠡᠴᠢᠯᠡᠭᠡ ᠵᠢᠨ ᠬᠢᠵᠠᠭ᠋ᠠᠷᠲᠤ ᠺᠣᠮᠫᠠᠨᠢ ᠪᠠ ᠲᠣᠭᠲᠠᠬᠤ ᠰᠢᠶᠠᠨ᠎ᠤ ᠵᠦᠩ ᠰᠢᠨ ᠢᠯᠴᠢ ᠵᠢᠨ ᠬᠦᠴᠦᠨ᠎ᠤ ᠬᠢᠵᠠᠭ᠋ᠠᠷᠲᠤ ᠺᠣᠮᠫᠠᠨᠢ ᠵᠢᠨ ᠨᠡᠭᠦᠷᠡᠰᠦ ᠬᠡᠷᠡᠭᠯᠡᠬᠦ ᠲᠠᠯ᠎ᠠ᠎ᠪᠠᠷ ᠣᠷᠣᠰᠢᠵᠤ ᠪᠠᠢ᠌ᠭ᠎ᠠ ᠠᠰᠠᠭᠤᠳᠠᠯ᠎ᠳᠤ ᠳᠣᠩᠭᠣᠳᠤᠯᠲᠠ ᠥᠭᠴᠦ᠂ ᠲᠣᠭᠲᠠᠬᠤ ᠰᠢᠶᠠᠨ᠎ᠤ ᠵᠦᠩ ᠰᠢᠨ ᠢᠯᠴᠢ ᠵᠢᠨ ᠬᠦᠴᠦᠨ᠎ᠤ ᠺᠣᠮᠫᠠᠨᠢ᠎ᠠᠴᠠ ᠣᠳᠣ ᠵᠢᠨ ᠬᠡᠷᠡᠭᠯᠡᠵᠦ ᠪᠠᠢ᠌ᠭ᠎ᠠ ᠨᠡᠭᠦᠷᠡᠰᠦᠨ᠎ᠳᠤ᠎ᠪᠠᠨ ᠳᠠᠷᠤᠢ᠎ᠳᠤ᠎ᠨᠢ ᠴᠡᠭᠴᠡᠯᠡᠨ ᠵᠠᠰᠠᠯᠲᠠ ᠬᠢᠬᠦ ᠬᠡᠷᠡᠭᠲᠡᠢ ᠭᠡᠵᠦ ᠱᠠᠭ᠋ᠠᠷᠳᠠᠪᠠ᠃ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠳ ᠨᠡᠭᠦᠷᠡᠰᠦᠨ᠎ᠤ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠪᠠᠷᠢᠮᠵᠢᠶ᠎ᠠ᠎ᠠᠴᠠ ᠬᠡᠲᠦᠷᠡᠭᠰᠡᠨ ᠠᠰᠠᠭᠤᠳᠠᠯ᠎ᠳᠤ ᠲᠤᠰ ᠲᠤᠰ ᠣᠪᠣᠷ ᠵᠶ᠋ᠠᠨ ᠢᠯᠡᠳᠬᠡᠵᠦ᠂ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠤᠷᠠᠳᠤᠭᠰᠠᠨ ᠱᠠᠭ᠋ᠠᠷᠳᠠᠯᠭ᠎ᠠ᠎ᠳᠤ ᠢᠳᠡᠪᠬᠢᠲᠡᠢ ᠬᠠᠮᠵᠢᠯᠴᠠᠵᠤ᠂ ᠬᠡᠷᠪᠡ ᠳᠠᠬᠢᠵᠤ ᠨᠡᠭᠦᠷᠡᠰᠦᠨ᠎ᠤ ᠶᠠᠰᠤ ᠴᠢᠨᠠᠷ᠎ᠨᠢ ᠪᠠᠷᠢᠮᠵᠢᠶ᠎ᠠ᠎ᠠᠴᠠ ᠬᠡᠲᠦᠷᠡᠭᠰᠡᠨ ᠦᠵᠡᠭᠳᠡᠯ᠎ᠢ ᠢᠯᠡᠷᠡᠭᠦᠯᠪᠡᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠢᠢ᠍ᠳᠬᠡᠯ ᠲᠣᠷᠭ᠋ᠠᠭᠤᠯᠢ ᠵᠢ ᠳᠤᠷᠠᠲᠠᠶ᠎ᠠ ᠬᠦᠯᠢᠶᠡᠨ᠎ᠡ ᠭᠡᠵᠦ ᠨᠡᠢ᠌ᠳᠡᠮ᠎ᠳᠤ᠎ᠪᠠᠨ ᠢᠯᠡᠷᠬᠡᠢ᠌ᠯᠡᠭᠰᠡᠨ᠎ᠤ ᠬᠠᠮᠲᠤ᠂ ᠠᠮᠠᠯᠠᠯᠲᠠ ᠵᠢᠨ ᠪᠢᠴᠢᠭ᠎ᠲᠤ ᠭᠠᠷ᠎ᠤᠨ ᠦᠰᠦᠭ ᠵᠢᠷᠤᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠬᠦ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠢᠩᠬᠢᠮ᠎ᠤᠨ ᠰᠢᠰᠲ᠋ᠧᠮ᠎ᠤᠨ᠎ᠬᠢᠨ᠎ᠤ ᠨᠠᠮ᠎ᠤᠨ ᠶᠡᠷᠦᠩᠬᠡᠢ ᠡᠭᠦᠷ (ᠨᠠᠮ᠎ᠤᠨ ᠡᠭᠦᠷ)᠎ᠤᠨ ᠱᠦᠵᠢ ᠵᠢᠨ ᠨᠠᠮᠴᠢ ᠴᠢᠨᠠᠷ᠎ᠤᠨ ᠬᠥᠮᠥᠵᠢᠯ ᠪᠠ ᠴᠢᠳᠠᠪᠤᠷᠢ ᠵᠢᠨ ᠳᠡᠭᠡᠭᠰᠢᠯᠡᠯᠲᠡ ᠵᠢᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠲᠦᠩᠯᠢᠶᠣᠣ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠪᠣᠬᠢᠷᠲᠤᠯ ᠦᠭᠡᠢ᠎ᠪᠠᠷ ᠬᠥᠭᠵᠢᠭᠦᠯᠬᠦ ᠵᠢ ᠪᠠᠷᠢᠮᠲᠠᠯᠠᠵᠤ ᠲᠦᠩᠯᠢᠶᠣᠣ ᠵᠢᠨ ᠨᠣᠮᠢᠨ ᠤᠰᠤ ᠬᠥᠬᠡ ᠣᠭᠲᠠᠷᠭᠤᠢ ᠵᠢ ᠬᠠᠮᠠᠭ᠋ᠠᠯᠠᠵᠤ ᠪᠠᠢ᠌ᠨ᠎ᠠ
ᠬᠥᠯᠥᠨ ᠪᠣᠢ᠌ᠷ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ 《ᠭᠤᠷᠪᠠᠨ ᠵᠦᠢ᠍ᠯ᠎ᠤᠨ ᠠᠷᠭ᠎ᠠ ᠠᠪᠴᠢᠯ》᠎ᠢ ᠬᠡᠷᠡᠭᠯᠡᠵᠦ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨᠵᠢᠯᠡᠬᠦ ᠤᠬᠠᠭ᠋ᠠᠨᠴᠢ ᠬᠢᠷᠢ ᠲᠦᠪᠰᠢᠨ ᠵᠶ᠋ᠡᠨ ᠪᠦᠬᠦ ᠲᠠᠯ᠎ᠠ᠎ᠪᠠᠷ ᠳᠡᠭᠡᠭᠰᠢᠯᠡᠭᠦᠯᠪᠡ
ᠬᠢᠩᠭ᠋ᠠᠨ ᠠᠢ᠌ᠮᠠᠭ ᠪᠦᠬᠦ ᠠᠢ᠌ᠮᠠᠭ᠎ᠤᠨ ᠬᠣᠶᠠᠷ ᠱᠠᠲᠤᠨ᠎ᠤ ᠰᠢᠭᠦᠬᠦ ᠬᠣᠷᠢᠶ᠎ᠠ ᠵᠢᠨ ᠣᠷᠴᠢᠨ ᠲᠣᠭᠣᠷᠢᠨ᠎ᠤ ᠡᠬᠢ ᠪᠠᠶᠠᠯᠢᠭ᠎ᠲᠤ ᠬᠣᠯᠪᠣᠭᠳᠠᠬᠤ ᠬᠡᠷᠡᠭ᠎ᠤᠨ ᠰᠢᠭᠦᠨ ᠲᠠᠰᠤᠯᠤᠭᠰᠠᠨ ᠠᠵᠢᠯ᠎ᠤᠨ ᠦᠨᠳᠦᠰᠦᠨ ᠪᠠᠢ᠌ᠳᠠᠯ᠎ᠢ ᠵᠠᠷᠯᠠᠨ ᠮᠡᠳᠡᠭᠡᠯᠡᠪᠡ
 
             蒙ICP备05000248号