11 ᠳ᠋ᠦ᠍ᠭᠡᠷ ᠰᠠᠷ᠎ᠠ ᠵᠢᠨ 22᠎ᠤᠨ ᠡᠳᠦᠷ᠂ ᠬᠥᠯᠥᠨ ᠪᠣᠢ᠌ᠷ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠢᠦᠢ ᠯᠢ ᠰᠢᠨ ᠪᠦᠬᠦ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠭᠤᠷᠪᠠᠨ ᠵᠦᠢ᠍ᠯ᠎ᠤᠨ ᠭᠣᠣᠯᠳᠠᠯᠭ᠎ᠠ᠎ᠲᠠᠢ ᠠᠵᠢᠯ》᠎ᠤᠨ ᠤᠳᠤᠷᠢᠳᠬᠤ ᠳᠤᠭᠤᠢ᠌ᠯᠠᠩ᠎ᠤᠨ ᠲᠣᠬᠢᠷᠠᠭᠤᠯᠤᠯᠲᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃ ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠪᠣᠬᠢᠷᠲᠤᠯ ᠦᠭᠡᠢ ᠬᠥᠭᠵᠢᠯᠲᠡ ᠵᠢᠨ ᠣᠨᠣᠯᠵᠢᠬᠤᠨ᠎ᠢ ᠭᠤᠢ᠌ᠪᠢᠰᠢ ᠦᠭᠡᠢ ᠪᠠᠷᠢᠮᠲᠠᠯᠠᠨ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠤᠯᠤᠰ ᠲᠥᠷᠥ ᠵᠢ ᠡᠷᠬᠢᠮᠯᠡᠬᠦ ᠪᠠ ᠪᠦᠬᠦ ᠲᠠᠯ᠎ᠠ ᠵᠢ ᠬᠠᠷᠠᠭ᠋ᠠᠯᠵᠠᠬᠤ ᠥᠨᠳᠥᠷᠴᠡ᠎ᠳᠤ ᠵᠣᠭᠰᠣᠵᠤ᠂ ᠨᠡᠩ ᠡᠷᠡᠰ ᠴᠢᠩᠭ᠎ᠠ ᠣᠪᠣᠷ᠂ ᠨᠡᠩ ᠬᠦᠴᠦᠨ ᠪᠦᠬᠦᠢ ᠠᠷᠭ᠎ᠠ ᠬᠡᠮᠵᠢᠶ᠎ᠡ᠎ᠪᠠᠷ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠠᠵᠢᠯ᠂ ᠨᠡᠩ ᠢᠯᠠᠩᠭᠤᠶ᠎ᠠ ᠬᠥᠯᠥᠨ ᠨᠠᠭᠤᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠯᠲᠠ ᠵᠢᠨ ᠠᠵᠢᠯ᠎ᠢ ᠠᠳᠬᠤᠨ᠂ ᠲᠣᠭᠲᠠᠭᠰᠠᠨ ᠴᠠᠭ᠎ᠤᠨ ᠳᠣᠲᠣᠷ᠎ᠠ ᠦᠷ᠎ᠡ ᠪᠦᠲᠦᠮᠵᠢ ᠭᠠᠷᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠬᠥᠯᠥᠨ ᠪᠣᠢ᠌ᠷ᠎ᠤᠨ ᠨᠣᠮᠢᠨ ᠤᠰᠤ ᠬᠥᠬᠡ ᠠᠭᠤᠯᠠ ᠵᠢ ᠦᠨᠡᠨ ᠬᠦ᠌ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ ᠭᠡᠵᠡᠢ᠃
ᠬᠣᠲᠠ ᠵᠢᠨ ᠤᠳᠤᠷᠢᠳᠤᠯᠭ᠎ᠠ ᠶᠦᠨ ᠢ ᠯᠦᠩ᠂ ᠯᠢ ᠵᠢᠢ ᠿᠦᠩ᠂ ᠴᠧᠨ ᠯᠢ ᠶᠠᠨ᠂ ᠵᠠᠩ ᡁᠢ᠂ ᠿᠧᠨ ᠢᠦᠢ ᠵᠢᠶᠠᠩ᠂ ᠹᠦ᠋ ᠪᠢᠨ ᠵᠢᠴᠢ ᠡᠯ᠎ᠡ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠨᠢᠭᠡᠴᠢ ᠵᠢᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃
ᠬᠤᠷᠠᠯ ᠳᠡᠭᠡᠷ᠎ᠡ᠂ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠠᠴᠠ ᠪᠦᠬᠦ ᠬᠣᠲᠠ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠥᠷᠨᠢᠭᠦᠯᠦᠭᠰᠡᠨ ᠪᠠᠢ᠌ᠳᠠᠯ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠵᠢᠨ 《ᠡᠷᠭᠢᠵᠦ ᠪᠤᠴᠠᠵᠤ ᠦᠵᠡᠬᠦ》 ᠰᠢᠮᠳᠠᠭᠤᠯᠬᠤ ᠵᠢᠨ ᠳᠠᠭ᠋ᠠᠤ ᠥᠭᠡᠷᠡᠴᠢᠯᠡᠬᠦ ᠠᠵᠢᠯ᠎ᠢ ᠠᠬᠢᠭᠤᠯᠤᠭᠰᠠᠨ ᠪᠠᠢ᠌ᠳᠠᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠤᠨ 《ᠵᠠᠭᠤᠨ ᠡᠳᠦᠷ᠎ᠤᠨ ᠰᠢᠪᠲᠤᠯᠤᠯᠲᠠ》 ᠵᠢᠨ ᠠᠵᠢᠯ᠎ᠢ ᠥᠷᠨᠢᠭᠦᠯᠦᠭᠰᠡᠨ ᠪᠠᠢ᠌ᠳᠠᠯ ᠪᠠ ᠣᠷᠣᠰᠢᠵᠤ ᠪᠠᠢ᠌ᠭ᠎ᠠ ᠠᠰᠠᠭᠤᠳᠠᠯ᠎ᠢ ᠮᠡᠳᠡᠭᠡᠯᠡᠨ ᠨᠡᠪᠲᠡᠷᠡᠭᠦᠯᠪᠡ; 《ᠵᠠᠭᠤᠨ ᠡᠳᠦᠷ᠎ᠤᠨ ᠰᠢᠪᠲᠤᠯᠤᠯᠲᠠ》 ᠵᠢᠨ ᠡᠯ᠎ᠡ ᠲᠤᠰᠬᠠᠢ ᠵᠦᠢ᠍ᠯ᠎ᠤᠨ ᠠᠵᠢᠯᠯᠠᠭ᠎ᠠ ᠵᠢᠨ ᠲᠦᠷᠦᠭᠦᠯᠡᠭᠴᠢ ᠨᠢᠭᠡᠴᠢ᠎ᠨᠦᠭᠦᠳ ᠪᠣᠳᠠᠲᠠᠢ ᠠᠵᠢᠯ ᠵᠶ᠋ᠠᠨ ᠬᠠᠷᠢᠭᠤ ᠮᠡᠳᠡᠭᠦᠯᠵᠡᠢ᠃
ᠢᠦᠢ ᠯᠢ ᠰᠢᠨ ᠵᠢᠭ᠋ᠠᠬᠤ᠎ᠳᠤ᠎ᠪᠠᠨ᠂ ᠬᠥᠯᠥᠨ ᠪᠣᠢ᠌ᠷ ᠪᠣᠯ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠠᠢ᠌ᠵᠤ᠂ ᠠᠮᠢ ᠠᠬᠤᠢ ᠵᠢᠨ ᠪᠠᠢ᠌ᠷᠢ ᠰᠠᠭᠤᠷᠢᠨ᠎ᠢ ᠮᠠᠰᠢ ᠴᠢᠬᠤᠯᠠ ᠪᠠᠢ᠌ᠳᠠᠭ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠮᠠᠨ᠎ᠤ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠂ ᠨᠡᠩ ᠢᠯᠠᠩᠭᠤᠶ᠎ᠠ ᠬᠥᠯᠥᠨ ᠨᠠᠭᠤᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠯᠲᠠ ᠵᠢᠨ ᠠᠵᠢᠯ᠎ᠢ ᠲᠤᠢ᠌ᠯ ᠵᠶ᠋ᠠᠷ ᠠᠩᠬᠠᠷᠤᠨ ᠬᠠᠯᠠᠮᠵᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠯᠠᠨ ᠤᠳᠠᠭ᠋ᠠᠨ᠎ᠤ ᠵᠢᠭ᠋ᠠᠪᠤᠷᠢ ᠴᠣᠬᠣᠯᠠᠪᠤᠷᠢ ᠵᠢ ᠬᠦᠯᠢᠶᠡᠨ ᠠᠪᠴᠠᠢ᠃ ᠡᠯ᠎ᠡ ᠱᠠᠲᠤᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠷᠬᠡᠪᠰᠢ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠬᠦ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠦᠬᠦ ᠠᠵᠢᠯ᠎ᠤᠨ ᠡᠭᠦᠷᠭᠡ ᠵᠢ ᠲᠣᠭᠲᠠᠭᠰᠠᠨ ᠴᠠᠭ᠎ᠲᠤ ᠱᠠᠭ᠋ᠠᠷᠳᠠᠯᠭ᠎ᠠ ᠶᠣᠰᠣᠭ᠋ᠠᠷ ᠡᠷᠡᠰ ᠪᠡᠶᠡᠯᠡᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠬᠤ ᠬᠡᠷᠡᠭᠲᠡᠢ ᠭᠡᠵᠡᠢ᠃
ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠪᠠᠷᠢᠮᠵᠢᠶ᠎ᠠ ᠵᠢ ᠪᠠᠷᠢᠮᠲᠠᠯᠠᠨ᠂ ᠵᠠᠰᠠᠯᠲᠠ ᠬᠢᠬᠦ ᠬᠠᠮᠢᠶ᠎ᠠ ᠪᠦᠬᠦᠢ ᠱᠠᠭ᠋ᠠᠷᠳᠠᠯᠭ᠎ᠠ ᠪᠠ ᠨᠢᠭᠡᠨᠲᠡ ᠲᠣᠭᠲᠠᠭ᠋ᠠᠭᠰᠠᠨ ᠴᠠᠭ ᠵᠠᠩᠭᠢᠯᠠᠭ᠎ᠠ ᠶᠣᠰᠣᠭ᠋ᠠᠷ᠂ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠪᠤᠷᠢ ᠴᠣᠬᠣᠯᠠᠪᠤᠷᠢ ᠪᠠ ᠲᠥᠪ ᠬᠣᠷᠢᠶ᠎ᠠ᠂ ᠲᠥᠷᠥ ᠵᠢᠨ ᠶᠠᠤᠳᠠᠯᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠬᠦ ᠬᠡᠷᠡᠭᠲᠡᠢ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠲᠣᠪᠣᠢ᠌ᠮ᠎ᠠ ᠠᠰᠠᠭᠤᠳᠠᠯ᠎ᠤᠨ 《ᠵᠠᠭᠤᠨ ᠡᠳᠦᠷ᠎ᠤᠨ ᠰᠢᠪᠲᠤᠯᠤᠯᠲᠠ》 ᠵᠢᠨ ᠠᠵᠢᠯ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠬᠦ ᠬᠡᠷᠡᠭᠲᠡᠢ᠃ ᠦᠨᠡᠨ ᠬᠡᠷᠡᠭ᠎ᠠᠴᠠ ᠵᠥᠪ᠎ᠢ ᠡᠷᠢᠵᠦ᠂ ᠦᠨᠡᠨ ᠪᠣᠳᠠᠲᠠᠢ᠎ᠪᠠᠷ ᠬᠢᠵᠦ ᠬᠦᠴᠢᠷ ᠠᠰᠠᠭᠤᠳᠠᠯ᠎ᠢ ᠰᠢᠢ᠍ᠳᠪᠦᠷᠢᠯᠡᠨ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠵᠤ ᠴᠠᠭᠳᠠᠨ ᠪᠠᠢ᠌ᠴᠠᠭ᠋ᠠᠳ ᠬᠠᠷᠢᠭᠤ ᠲᠤᠰᠬᠠᠭᠰᠠᠨ ᠠᠰᠠᠭᠤᠳᠠᠯ᠎ᠤᠨ ᠴᠡᠭᠴᠡᠯᠡᠨ ᠵᠠᠰᠠᠬᠤ ᠠᠵᠢᠯ᠎ᠢ ᠲᠣᠭᠲᠠᠭᠰᠠᠨ ᠴᠠᠭ᠎ᠲᠤ ᠥᠨᠳᠥᠷ ᠪᠠᠷᠢᠮᠵᠢᠶ᠎ᠠ᠎ᠪᠠᠷ ᠰᠠᠢ᠌ᠲᠤᠷ ᠪᠡᠶᠡᠯᠡᠭᠦᠯᠵᠦ᠂ ᠬᠦᠴᠦᠨ ᠦᠭᠡᠢ ᠪᠣᠯᠭ᠋ᠠᠬᠤ ᠴᠢᠬᠤᠯᠠᠲᠠᠢ ᠵᠢ᠎ᠨᠢ ᠵᠢᠯ᠎ᠤᠨ ᠰᠡᠭᠦᠯᠴᠢ᠎ᠠᠴᠠ ᠡᠮᠦᠨ᠎ᠡ ᠡᠷᠬᠡᠪᠰᠢ ᠬᠦᠴᠦᠨ ᠦᠭᠡᠢ ᠪᠣᠯᠭ᠋ᠠᠬᠤ ᠬᠡᠷᠡᠭᠲᠡᠢ᠃ ᠰᠢᠮᠳᠠᠭᠤᠯᠤᠨ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠤᠨ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠦᠨᠡᠨ ᠬᠦ᠌ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠮᠠᠨ᠎ᠤ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠭᠦᠨᠵᠡᠭᠡᠢ ᠡᠷᠭᠢᠴᠡᠭᠦᠯᠦᠨ ᠰᠡᠳᠬᠢᠵᠦ᠂ ᠤᠷᠲᠤ ᠬᠤᠭᠤᠴᠠᠭ᠋ᠠᠨ᠎ᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠰᠠᠭᠤᠳᠠᠯ᠎ᠳᠠᠬᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠲᠠᠰᠤᠷᠠᠯᠲᠠ ᠦᠭᠡᠢ ᠴᠢᠩᠭ᠋ᠠᠷᠠᠭᠤᠯᠬᠤ ᠬᠡᠷᠡᠭᠲᠡᠢ ᠭᠡᠵᠡᠢ᠃