ᠡᠨᠡ ᠵᠢᠯ᠎ᠠᠴᠠ ᠨᠠᠭ᠋ᠠᠰᠢ᠂ ᠲᠦᠩᠯᠢᠶᠣᠣ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠦᠢ᠍ᠯᠡᠳᠦᠯᠭᠡ᠎ᠪᠠᠨ ᠵᠢᠯᠣᠭᠣᠳᠤᠭᠤᠯᠤᠨ᠂ ᠠᠵᠢᠯ ᠵᠶ᠋ᠠᠨ ᠠᠬᠢᠭᠤᠯᠵᠤ᠂ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠬᠦᠴᠦᠯᠡᠨ ᠠᠬᠢᠭᠤᠯᠵᠤ᠂ ᠲᠦᠩᠯᠢᠶᠣᠣ ᠵᠢᠨ ᠨᠣᠮᠢᠨ ᠤᠰᠤ ᠬᠥᠬᠡ ᠣᠭᠲᠠᠷᠭᠤᠢ ᠵᠢ ᠬᠠᠮᠠᠭ᠋ᠠᠯᠠᠵᠤ ᠪᠠᠢ᠌ᠨ᠎ᠠ᠃
ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠲᠠᠯ᠎ᠠ᠎ᠪᠠᠷ᠂ ᠬᠣᠲᠠ ᠵᠢᠨ ᠭᠣᠣᠯ ᠲᠣᠭᠣᠷᠢᠭ᠎ᠤᠨ ᠠᠭ᠋ᠠᠷ ᠮᠠᠨᠳᠠᠯ᠎ᠤᠨ ᠮᠥᠬᠥᠯᠢᠭᠲᠦ ᠪᠣᠳᠠᠰ᠎ᠤᠨ ᠰᠤᠷᠪᠤᠯᠵᠢ ᠵᠢᠨ ᠵᠠᠳᠠᠯᠤᠨ ᠰᠢᠨᠵᠢᠯᠡᠬᠦ ᠠᠵᠢᠯ᠎ᠢ ᠴᠠᠭ ᠪᠠ ᠳᠡᠰ ᠳᠠᠷᠠᠭ᠋ᠠᠯᠠᠯ ᠶᠣᠰᠣᠭ᠋ᠠᠷ ᠠᠬᠢᠭᠤᠯᠤᠨ᠂ ᠳᠤᠮᠳᠠ ᠬᠤᠭᠤᠴᠠᠭ᠋ᠠᠨ᠎ᠤ ᠮᠡᠳᠡᠭᠦᠯᠦᠯᠲᠡ ᠵᠢᠨ ᠠᠩᠬᠠᠨ᠎ᠤ ᠨᠣᠣᠷᠠᠭ᠎ᠢ ᠨᠢᠭᠡᠨᠲᠡ ᠪᠡᠶᠡᠯᠡᠭᠦᠯᠵᠦ᠂ ᠶᠠᠭ ᠰᠠᠢ᠌ᠬᠠᠨ ᠬᠢᠨᠠᠨ ᠬᠠᠷᠭᠤᠭᠤᠯᠵᠤ ᠪᠠᠢ᠌ᠨ᠎ᠠ᠃ ᠤᠮᠠᠷᠠᠲᠤ ᠬᠡᠰᠡᠭ᠎ᠤᠨ ᠴᠠᠬᠢᠯᠭ᠋ᠠᠨ ᠵᠠᠳᠠᠯᠤᠯᠲᠤ ᠵᠢᠨ ᠬᠥᠩᠭᠡᠨᠴᠠᠭ᠋ᠠᠨ᠎ᠤ ᠠᠵᠤ ᠠᠬᠤᠢ᠌ᠯᠠᠯ᠎ᠤᠨ ᠤᠲᠤᠭ᠎ᠠ ᠠᠭᠤᠷ᠎ᠤᠨ ᠪᠣᠬᠢᠷᠲᠤᠯ ᠡᠳ᠋᠎ᠨᠢ ᠥᠯᠥ ᠭᠠᠳᠠᠭᠰᠢᠯᠠᠭᠤᠯᠵᠤ ᠵᠢᠱ᠌ᠢᠶ᠎ᠡ ᠦᠵᠡᠭᠦᠯᠬᠦ ᠢᠨᠵᠧᠨᠧᠷᠢᠩ ᠤᠨ ᠲᠣᠭᠲᠠᠪᠤᠷᠢᠲᠠᠢ ᠠᠵᠢᠯᠯᠠᠭ᠋ᠠᠨ᠎ᠳᠤ ᠣᠢ᠌ᠷᠠᠲᠤᠵᠤ᠂ 1 — 10 ᠳ᠋ᠤᠭ᠋ᠠᠷ ᠰᠠᠷ᠎ᠠ ᠵᠢᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠢᠯᠡᠷᠡᠭᠦᠯᠦᠭᠰᠡᠨ ᠵᠶ᠋ᠡᠷ᠂ ᠬᠡᠷᠡᠭᠵᠢᠭᠦᠯᠦᠭᠰᠡᠨ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠠᠵᠤ ᠠᠬᠤᠢ᠌ᠯᠠᠯ᠎ᠤᠨ ᠭᠠᠳᠠᠭᠰᠢᠯᠠᠭᠤᠯᠤᠭᠰᠠᠨ ᠮᠥᠬᠥᠯᠢᠭᠲᠦ ᠪᠣᠳᠠᠰ᠂ ᠨᠡᠭᠦᠷᠡᠰᠦᠲᠥ᠋ᠷᠥᠭᠴᠢ ᠵᠢᠨ ᠳᠠᠪᠬᠤᠷ ᠬᠦᠬᠦᠷ ᠪᠠ ᠨᠡᠭᠦᠷᠡᠰᠦᠵᠢᠭᠰᠡᠨ ᠪᠣᠳᠠᠰ᠎ᠤᠨ ᠥᠳᠬᠡᠴᠡ᠎ᠨᠢ ᠪᠦᠷ ᠲᠥᠯᠥᠪᠯᠡᠭᠰᠡᠨ ᠬᠢᠵᠠᠭ᠋ᠠᠷ᠎ᠤᠨ ᠬᠡᠮᠵᠢᠭᠳᠡᠯ᠎ᠠᠴᠠ ᠳᠣᠣᠷ᠎ᠠ ᠪᠣᠯᠵᠠᠢ᠃ ᠨᠡᠭᠦᠷᠡᠰᠦ ᠲᠦᠯᠡᠬᠦ ᠭᠦᠸᠧᠯᠦ ᠵᠢᠨ ᠲᠤᠰᠬᠠᠢ ᠵᠦᠢ᠍ᠯ᠎ᠤᠨ ᠴᠡᠭᠴᠡᠯᠡᠯᠲᠡ ᠵᠠᠰᠠᠯᠲᠠ ᠵᠢ ᠦᠷᠭᠦᠯᠵᠢᠯᠡᠨ ᠠᠬᠢᠭᠤᠯᠵᠤ᠂ ᠪᠦᠬᠦ ᠬᠣᠲᠠ ᠵᠢᠨ 48 ᠢᠯᠴᠢ ᠬᠠᠩᠭ᠋ᠠᠬᠤ ᠠᠵᠤ ᠠᠬᠤᠢ᠌ᠯᠠᠯ᠎ᠤᠨ 151 ᠭᠦᠸᠧᠯᠦ ᠵᠢᠨ ᠪᠣᠬᠢᠷᠲᠤᠯ᠎ᠢ ᠵᠠᠰᠠᠬᠤ ᠪᠡᠯᠡᠳᠬᠡᠮᠵᠢ ᠵᠢᠨ ᠵᠠᠰᠠᠨ ᠥᠭᠡᠷᠡᠴᠢᠯᠡᠬᠦ ᠡᠭᠦᠷᠭᠡ ᠵᠢ ᠨᠢᠭᠡᠨᠲᠡ ᠪᠡᠶᠡᠯᠡᠭᠦᠯᠪᠡ᠃ 10 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠠᠭᠤᠷ ᠠᠮᠢᠰᠬᠤᠯ᠎ᠤᠨ ᠶᠠᠰᠤ ᠴᠢᠨᠠᠷ᠎ᠨᠢ ᠰᠢᠯᠢᠳᠡᠭ ᠰᠠᠢ᠌ᠨ ᠡᠳᠦᠷ᠎ᠤᠨ ᠲᠣᠭ᠎ᠠ᠎ᠨᠢ 267 ᠡᠳᠦᠷ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 8 ᠡᠳᠦᠷ ᠨᠡᠮᠡᠭᠳᠡᠨ᠂ ᠡᠵᠡᠯᠡᠬᠦ ᠬᠠᠷᠢᠴᠠᠯ᠎ᠨᠢ 87.83%᠎ᠳᠤ ᠬᠦᠷᠴᠦ᠂ ᠠᠭ᠋ᠠᠷ ᠮᠠᠨᠳᠠᠯ᠎ᠤᠨ ᠠᠭᠤᠷ ᠠᠮᠢᠰᠬᠤᠯ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠪᠡᠶᠡᠯᠡᠭᠦᠯᠵᠡᠢ᠃
ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠲᠠᠯ᠎ᠠ᠎ᠪᠠᠷ᠂ ᠲᠥᠪ᠎ᠤᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠲᠤᠰᠬᠠᠢ ᠵᠦᠢ᠍ᠯ᠎ᠤᠨ ᠪᠡᠯᠡ ᠮᠥᠩᠭᠥ ᠵᠢ 7619 ᠲᠦᠮᠡᠨ ᠲᠥᠭᠥᠷᠢᠭ ᠴᠢᠷᠮᠠᠢ᠌ᠨ ᠣᠯᠵᠤ ᠬᠣᠷᠴᠢᠨ ᠲᠣᠭᠣᠷᠢᠭ᠎ᠤᠨ ᠮᠡᠯᠡᠬᠡᠢ᠌ᠲᠦ ᠪᠠ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠿᠦ᠍ ᠢ ᠨᠠᠭᠤᠷ᠎ᠤᠨ ᠬᠥᠮᠥᠨ᠎ᠤ ᠬᠦᠴᠦᠨ᠎ᠤ ᠨᠣᠢ᠌ᠲᠠᠨ ᠭᠠᠵᠠᠷ᠎ᠤᠨ ᠲᠥᠷᠥᠯ ᠵᠦᠢ᠍ᠯ᠎ᠤᠨ ᠪᠠᠢ᠌ᠭᠤᠯᠤᠯᠲᠠ᠎ᠳᠤ ᠬᠡᠷᠡᠭᠯᠡᠪᠡ᠃ ᠬᠣᠲᠠ ᠬᠥᠳᠡᠭᠡ ᠵᠢᠨ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠠᠢ᠌ᠭᠤᠯᠤᠯᠲᠠ ᠵᠢ ᠠᠬᠢᠭᠤᠯᠤᠨ᠂ 9868.69 ᠲᠦᠮᠡᠨ ᠲᠥᠭᠥᠷᠢᠭ᠎ᠤᠨ ᠪᠡᠯᠡ ᠣᠷᠣᠭᠤᠯᠵᠤ ᠪᠠᠢ᠌ᠭ᠋ᠠᠳ ᠲᠥᠪ ᠬᠣᠲᠠ ᠵᠢᠨ ᠳᠠᠬᠢᠯᠲᠠ ᠤᠰᠤ ᠵᠢᠨ ᠥᠭᠡᠷᠡᠴᠢᠯᠡᠨ ᠵᠠᠰᠠᠵᠤ ᠪᠠᠢ᠌ᠭᠤᠯᠬᠤ ᠢᠨᠵᠧᠨᠧᠷᠢᠩ᠎ᠤᠨ ᠶᠡᠷᠦᠩᠬᠡᠢ ᠪᠠᠷᠢᠯᠭ᠎ᠠ ᠵᠢᠨ 30% ᠵᠢ ᠪᠡᠶᠡᠯᠡᠭᠦᠯᠵᠦ᠂ ᠪᠣᠬᠢᠷ ᠤᠰᠤ᠂ ᠳᠠᠬᠢᠯᠲᠠ ᠤᠰᠤᠨ᠎ᠤ ᠭᠤᠤᠷᠰᠤ ᠵᠢᠨ ᠲᠣᠣᠷ᠎ᠢ 24.9 ᠺᠢᠯᠣᠮᠧᠲᠷ ᠰᠢᠨ᠎ᠡ᠎ᠪᠠᠷ ᠪᠠᠢ᠌ᠭᠤᠯᠵᠤ᠂ ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠶᠡᠷᠦᠩᠬᠡᠢ᠌ᠯᠡᠭᠰᠡᠨ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠲᠥᠷᠥᠯ ᠵᠦᠢ᠍ᠯ᠎ᠳᠤ 5500 ᠲᠦᠮᠡᠨ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠪᠡ᠃ 420.15 ᠲᠦᠮᠡᠨ ᠮᠦ᠍ ᠵᠢᠨ ᠬᠠᠪᠤᠷ᠎ᠤᠨ ᠤᠯᠠᠷᠢᠯ᠎ᠤᠨ ᠢᠨᠵᠧᠨᠧᠷᠢᠩ ᠪᠠ 32.68 ᠲᠦᠮᠡᠨ ᠮᠦ᠍ ᠵᠢᠨ ᠨᠠᠮᠤᠷ᠎ᠤᠨ ᠤᠯᠠᠷᠢᠯ᠎ᠤᠨ ᠢᠨᠵᠧᠨᠧᠷᠢᠩ᠎ᠤᠨ ᠤᠰᠤ ᠵᠢ ᠠᠷᠪᠢᠯᠠᠨ ᠤᠰᠤᠯᠠᠯᠲᠠ ᠬᠢᠬᠦ ᠲᠥᠷᠥᠯ ᠵᠦᠢ᠍ᠯ᠎ᠤᠨ ᠪᠠᠢ᠌ᠭᠤᠯᠤᠯᠲᠠ ᠵᠢ ᠪᠡᠶᠡᠯᠡᠭᠦᠯᠵᠡᠢ᠃ 1 — 11 ᠳ᠋ᠦ᠍ᠭᠡᠷ ᠰᠠᠷ᠎ᠠ ᠵᠢᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠢᠯᠡᠷᠡᠭᠦᠯᠦᠭᠰᠡᠨ ᠵᠶ᠋ᠠᠷ᠂ ᠺᠦᠩ ᠵᠢᠶᠠ᠂ ᠡᠯ ᠳ᠋ᠤᠤ ᠡᠾᠧᠽ᠂ ᠪᠠᠷᠠᠭᠤᠨ ᠯᠢᠶᠣᠤᠾᠧ ᠭᠣᠣᠯ᠎ᠤᠨ ᠶᠡᠬᠡ ᠬᠥᠭᠥᠷᠭᠡ᠂ ᠪᠣᠷᠣ ᠬᠤᠵᠢᠷ᠂ ᠳ᠋ᠠ ᠸᠠ ᠹᠠᠩ ᠵᠡᠷᠭᠡ ᠵᠢᠨ ᠰᠢᠯᠭ᠋ᠠᠨ ᠬᠢᠨᠠᠯᠲᠠ ᠵᠢᠨ ᠣᠭᠲᠣᠯᠣᠭ᠋ᠠᠰᠤ᠎ᠨᠢ ᠪᠦᠷ ᠰᠢᠯᠭ᠋ᠠᠨ ᠬᠢᠨᠠᠯᠲᠠ ᠵᠢᠨ ᠱᠠᠭ᠋ᠠᠷᠳᠠᠯᠭ᠎ᠠ᠎ᠳᠤ ᠬᠦᠷᠴᠡᠢ᠃
ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠲᠠᠯ᠎ᠠ᠎ᠪᠠᠷ᠂ ᠲᠠᠷᠢᠶᠠᠯᠠᠩ᠎ᠳᠤ ᠬᠡᠷᠡᠭᠯᠡᠬᠦ ᠭᠠᠵᠠᠷ ᠰᠢᠷᠣᠢ ᠵᠢᠨ ᠪᠣᠬᠢᠷᠲᠤᠯ᠎ᠤᠨ ᠪᠠᠢ᠌ᠳᠠᠯ᠎ᠳᠤ ᠨᠠᠷᠢᠨ ᠪᠠᠢ᠌ᠴᠠᠭ᠋ᠠᠯᠲᠠ ᠬᠢᠬᠦ ᠵᠢ ᠥᠷᠨᠢᠭᠦᠯᠦᠨ᠂ ᠲᠠᠷᠢᠶᠠᠯᠠᠩ᠎ᠳᠤ ᠬᠡᠷᠡᠭᠯᠡᠬᠦ ᠭᠠᠵᠠᠷ ᠰᠢᠷᠣᠢ᠎ᠳᠤ ᠨᠠᠷᠢᠨ ᠪᠠᠢ᠌ᠴᠠᠭ᠋ᠠᠯᠲᠠ ᠬᠢᠬᠦ 38 ᠨᠢᠭᠡᠴᠢ ᠵᠢ ᠬᠤᠪᠢᠶᠠᠷᠢᠯᠠᠨ ᠲᠣᠭᠲᠠᠭ᠋ᠠᠵᠤ᠂ ᠨᠠᠷᠢᠨ ᠪᠠᠢ᠌ᠴᠠᠭ᠋ᠠᠯᠲᠠ ᠬᠢᠬᠦ 1035 ᠴᠡᠭ ᠪᠠᠢ᠌ᠷᠢ ᠵᠢ ᠬᠢᠨᠠᠨ ᠬᠠᠷᠭᠤᠭᠤᠯᠪᠠ᠃ ᠭᠣᠣᠯᠳᠠᠯᠭ᠎ᠠ᠎ᠲᠠᠢ᠎ᠪᠠᠷ ᠬᠢᠨᠠᠨ ᠬᠠᠮᠢᠶᠠᠷᠬᠤ ᠠᠵᠢᠯ ᠲᠥᠷᠥᠯ᠎ᠤᠨ ᠠᠵᠤ ᠠᠬᠤᠢ᠌ᠯᠠᠯ᠎ᠳᠤ ᠪᠠᠢ᠌ᠴᠠᠭ᠋ᠠᠨ ᠰᠤᠳᠤᠯᠤᠯᠲᠠ ᠬᠢᠵᠦ ᠬᠢᠨᠠᠨ ᠬᠠᠷᠭᠤᠭᠤᠯᠬᠤ ᠵᠢ ᠥᠷᠨᠢᠭᠦᠯᠦᠨ᠂ 125 ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠬᠡᠷᠡᠭᠯᠡᠬᠦ ᠭᠠᠵᠠᠷ ᠰᠢᠷᠣᠢ ᠵᠢᠨ ᠮᠡᠳᠡᠭᠡ ᠵᠠᠩᠭᠢ ᠵᠢ ᠴᠤᠭᠯᠠᠭᠤᠯᠬᠤ ᠪᠠ ᠲᠦᠭᠰᠢᠭᠦᠷᠢ ᠵᠢ ᠰᠢᠯᠢᠨ ᠪᠠᠢ᠌ᠴᠠᠭ᠋ᠠᠬᠤ ᠠᠵᠢᠯ᠎ᠢ ᠪᠡᠶᠡᠯᠡᠭᠦᠯᠪᠡ᠃ ᠲᠠᠷᠢᠶᠠᠨ ᠭᠠᠵᠠᠷ᠎ᠤᠨ ᠬᠥᠷᠥᠰᠥ ᠰᠢᠷᠣᠢ ᠵᠢ ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠵᠢ ᠨᠠᠢ᠌ᠳᠠᠪᠤᠷᠢᠵᠢᠭᠤᠯᠤᠨ᠂ ᠠᠮᠤ ᠪᠤᠳᠠᠭ᠋ᠠᠨ᠎ᠤ ᠭᠠᠷᠤᠯᠲᠠ᠎ᠪᠠᠷ ᠶᠡᠬᠡ 7 ᠰᠢᠶᠠᠨ (ᠬᠣᠰᠢᠭᠤ ᠬᠣᠲᠠ ᠲᠣᠭᠣᠷᠢᠭ)ᠤ᠎ᠬᠢᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠷᠥᠯ᠎ᠢ ᠨᠡᠢ᠌ᠲᠡᠯᠡᠨ ᠬᠡᠷᠡᠭᠵᠢᠭᠦᠯᠪᠡ᠃ ᠠᠶᠤᠯᠲᠠᠢ ᠬᠠᠶᠠᠭᠳᠠᠮᠠᠯ ᠡᠳ᠋᠎ᠤᠨ ᠵᠢᠷᠤᠮᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠮᠤᠵᠢ ᠠᠯᠤᠰᠯᠠᠭᠰᠠᠨ᠂ ᠬᠣᠲᠠ ᠠᠯᠤᠰᠯᠠᠭᠰᠠᠨ ᠠᠶᠤᠯᠲᠠᠢ ᠬᠠᠶᠠᠭᠳᠠᠮᠠᠯ ᠡᠳ᠋᠎ᠢ 107 ᠪᠦᠯᠦᠭ ᠤᠳᠠᠭ᠎ᠠ ᠠᠮᠤᠷ ᠲᠦᠪᠰᠢᠨ ᠵᠶ᠋ᠡᠷ ᠰᠢᠯᠵᠢᠭᠦᠯᠵᠡᠢ᠃
ᠠᠵᠤ ᠦᠢ᠍ᠯᠡᠳᠪᠦᠷᠢ ᠵᠢᠨ ᠪᠣᠬᠢᠷᠲᠤᠯ᠎ᠤᠨ ᠰᠤᠷᠪᠤᠯᠵᠢ ᠵᠢ ᠪᠦᠬᠦ ᠲᠠᠯ᠎ᠠ᠎ᠪᠠᠷ ᠪᠠᠷᠢᠮᠵᠢᠶ᠎ᠠ᠎ᠳᠤ ᠬᠦᠷᠭᠡᠨ ᠭᠠᠳᠠᠭᠰᠢᠯᠠᠭᠤᠯᠬᠤ ᠲᠠᠯ᠎ᠠ᠎ᠪᠠᠷ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠵᠶ᠋ᠡᠷ ᠴᠢᠩᠭ᠋ᠠᠷᠠᠭᠤᠯᠤᠨ᠂ ᠪᠦᠬᠦ ᠬᠣᠲᠠ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ᠎ᠠᠴᠠ ᠵᠥᠷᠢᠴᠡᠭᠰᠡᠨ 147 ᠬᠡᠷᠡᠭ᠎ᠢ ᠪᠠᠢ᠌ᠴᠠᠭ᠋ᠠᠨ ᠰᠢᠢ᠍ᠳᠬᠡᠵᠦ᠂ ᠲᠡᠭᠦᠨ᠎ᠤ ᠳᠣᠲᠣᠷ᠎ᠠ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠬᠡᠷᠡᠭ 113 ᠪᠠᠢ᠌ᠵᠤ᠂ ᠨᠡᠢ᠌ᠲᠡ 1345.13 ᠲᠦᠮᠡᠨ ᠲᠥᠭᠥᠷᠢᠭ ᠵᠣᠭᠣᠰ ᠵᠶ᠋ᠡᠷ ᠲᠣᠷᠭᠣᠭ᠋ᠠᠪᠠ᠃ ᠪᠦᠬᠦ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨ᠎ᠡ ᠬᠠᠤᠯᠢ ᠵᠢᠴᠢ ᠲᠥᠬᠥᠷ ᠠᠷᠭ᠎ᠠ ᠵᠢ ᠲᠣᠬᠢᠷᠠᠭᠤᠯᠤᠨ ᠬᠡᠷᠡᠭᠯᠡᠭᠰᠡᠨ 34 ᠬᠡᠷᠡᠭ᠎ᠢ ᠭᠦᠢ᠍ᠴᠡᠳᠬᠡᠵᠦ᠂ ᠲᠡᠭᠦᠨ᠎ᠤ ᠳᠣᠲᠣᠷ᠎ᠠ ᠪᠢᠲᠡᠭᠦᠮᠵᠢᠯᠡᠵᠦ ᠦᠯᠡᠳᠡᠭᠡᠨ ᠠᠪᠤᠭᠰᠠᠨ 24 ᠬᠡᠷᠡᠭ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ ᠵᠠᠰᠠᠭ ᠵᠠᠬᠢᠷᠭ᠋ᠠᠨ᠎ᠤ ᠲᠦᠷ ᠬᠣᠷᠢᠬᠤ ᠶᠠᠯ᠎ᠠ᠎ᠪᠠᠷ ᠰᠢᠢ᠍ᠳᠬᠡᠭᠰᠡᠨ 5 ᠬᠡᠷᠡᠭ᠂ ᠦᠢ᠍ᠯᠡᠳᠪᠦᠷᠢᠯᠡᠯ᠎ᠢ᠎ᠨᠢ ᠬᠢᠵᠠᠭ᠋ᠠᠷᠯᠠᠵᠤ ᠦᠢ᠍ᠯᠡᠳᠪᠦᠷᠢᠯᠡᠯ᠎ᠢ᠎ᠨᠢ ᠵᠣᠭᠰᠣᠭ᠋ᠠᠭᠰᠠᠨ 1 ᠬᠡᠷᠡᠭ᠂ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠵᠶ᠋ᠠᠷ ᠰᠡᠵᠢᠯᠡᠭᠳᠡᠭᠰᠡᠨ ᠶᠠᠯ᠎ᠠ᠎ᠪᠠᠷ ᠰᠢᠯᠵᠢᠭᠦᠯᠦᠨ ᠬᠦᠷᠭᠡᠭᠰᠡᠨ 1 ᠬᠡᠷᠡᠭ ᠪᠠᠭᠲᠠᠵᠤ ᠪᠠᠢ᠌ᠨ᠎ᠠ᠃
ᠲᠠᠷᠢᠶᠠᠯᠠᠩ ᠪᠠ ᠬᠥᠳᠡᠭᠡ ᠲᠣᠰᠬᠤᠨ᠎ᠤ ᠣᠷᠴᠢᠨ ᠲᠣᠭᠣᠷᠢᠨ ᠶᠡᠷᠦᠩᠬᠡᠢ᠌ᠯᠡᠨ ᠵᠠᠰᠠᠬᠤ ᠲᠠᠯ᠎ᠠ᠎ᠪᠠᠷ᠂ 《ᠲᠦᠩᠯᠢᠶᠣᠣ ᠬᠣᠲᠠ ᠵᠢᠨ 〈ᠵᠣᠷᠯᠣᠩ᠎ᠤᠨ ᠰᠢᠨᠡᠴᠢᠯᠡᠯᠲᠡ〉 ᠵᠢᠨ ᠬᠡᠷᠡᠭᠵᠢᠭᠦᠯᠬᠦ ᠲᠥᠰᠥᠯ (2018 — 2020 ᠣᠨ)》᠂ 《ᠲᠦᠩᠯᠢᠶᠣᠣ ᠬᠣᠲᠠ ᠵᠢᠨ ᠬᠥᠳᠡᠭᠡ ᠲᠣᠰᠬᠤᠨ ᠮᠠᠯᠵᠢᠬᠤ ᠣᠷᠣᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠨ ᠴᠡᠭᠴᠡᠯᠡᠵᠦ ᠵᠠᠰᠠᠬᠤ ᠬᠡᠷᠡᠭᠵᠢᠭᠦᠯᠬᠦ ᠲᠥᠰᠥᠯ (2018 — 2020 ᠣᠨ)》᠎ᠢ ᠲᠦᠷᠭᠡᠳᠬᠡᠨ ᠨᠠᠢ᠌ᠳᠠᠪᠤᠷᠢᠵᠢᠭᠤᠯᠵᠤ᠂ ᠬᠢᠮᠢ ᠵᠢᠨ ᠪᠣᠷᠳᠣᠭᠤᠷ ᠪᠠ ᠲᠠᠷᠢᠶᠠᠨ ᠡᠮ᠎ᠢ ᠥᠯᠥ ᠨᠡᠮᠡᠭᠳᠡᠭᠦᠯᠬᠦ ᠠᠵᠢᠯᠯᠠᠭ᠎ᠠ᠂ ᠲᠠᠷᠢᠶᠠᠯᠠᠩ᠎ᠤᠨ ᠵᠤᠯᠤᠮ᠎ᠠ ᠵᠢ ᠪᠤᠴᠠᠭ᠋ᠠᠨ ᠬᠤᠷᠢᠶᠠᠵᠤ ᠠᠰᠢᠭᠯᠠᠬᠤ ᠠᠵᠢᠯᠯᠠᠭ᠎ᠠ᠂ ᠮᠠᠯ ᠵᠢᠭᠦᠷᠲᠡᠨ᠎ᠤ ᠪᠠᠭ᠋ᠠᠰᠤ ᠨᠣᠪᠰᠢ ᠵᠢᠨ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢ᠍ᠯ᠎ᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ᠎ᠤᠨ ᠬᠠᠶᠠᠭᠳᠠᠮᠠᠯ ᠡᠳ᠋᠎ᠢ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠵᠤ᠂ ᠲᠠᠷᠢᠶᠠᠯᠠᠩ ᠪᠠ ᠬᠥᠳᠡᠭᠡ ᠲᠣᠰᠬᠤᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠨ ᠴᠡᠭᠴᠡᠯᠡᠵᠦ ᠵᠠᠰᠠᠬᠤ ᠵᠢ ᠦᠷᠭᠦᠯᠵᠢᠯᠡᠨ ᠠᠬᠢᠭᠤᠯᠪᠠ᠃ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠵᠦᠢ᠍ᠯ᠎ᠤᠨ ᠪᠡᠯᠡ ᠮᠥᠩᠭᠥ ᠵᠢ 1813 ᠲᠦᠮᠡᠨ ᠲᠥᠭᠥᠷᠢᠭ ᠴᠢᠷᠮᠠᠢ᠌ᠨ ᠣᠯᠵᠤ᠂ ᠲᠤᠢ᠌ᠯ᠎ᠤᠨ ᠣᠨᠣᠪᠴᠢᠲᠠᠢ᠎ᠪᠠᠷ ᠶᠠᠳᠠᠭᠤ ᠵᠢ ᠲᠡᠳᠬᠦᠬᠦ ᠰᠢᠪᠲᠤᠯᠤᠯᠲᠠ ᠵᠢᠨ ᠠᠵᠢᠯᠯᠠᠭ᠎ᠠ᠎ᠲᠠᠢ ᠤᠶᠠᠯᠳᠤᠭᠤᠯᠤᠨ᠂ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠤ 6 ᠵᠠᠰᠠᠭ ᠵᠠᠬᠢᠷᠭ᠋ᠠᠨ᠎ᠤ ᠲᠣᠰᠬᠤᠨ᠎ᠳᠤ ᠠᠮᠢᠳᠤᠷᠠᠯ᠎ᠤᠨ ᠬᠣᠭ ᠨᠣᠪᠰᠢ ᠵᠢ᠎ᠨᠢ ᠲᠥᠪᠯᠡᠷᠡᠭᠦᠯᠵᠦ ᠪᠠᠢ᠌ᠭ᠋ᠠᠳ ᠴᠡᠭᠴᠡᠯᠡᠨ ᠵᠠᠰᠠᠬᠤ ᠢᠨᠵᠧᠨᠧᠷᠢᠩ᠎ᠢ ᠬᠡᠷᠡᠭᠵᠢᠭᠦᠯᠦᠭᠰᠡᠨ᠎ᠤ ᠬᠠᠮᠲᠤ᠂ ᠬᠥᠳᠡᠭᠡ ᠲᠣᠰᠬᠤᠨ᠎ᠤ ᠬᠣᠣᠷ ᠦᠭᠡᠢ᠌ᠳᠡᠭᠦᠯᠦᠭᠰᠡᠨ ᠡᠷᠡᠭᠦᠯ ᠬᠠᠮᠠᠭ᠋ᠠᠯᠠᠯ᠎ᠤᠨ ᠵᠣᠷᠯᠣᠩ ᠵᠢᠴᠢ ᠲᠤᠰᠬᠠᠢ ᠬᠡᠷᠡᠭᠯᠡᠭᠡᠨ᠎ᠤ ᠲᠥᠬᠥᠷ ᠪᠠᠭ᠋ᠠᠰᠤᠨᠤ ᠴᠥᠭᠥᠷᠥᠮ᠎ᠢ ᠪᠠᠢ᠌ᠭᠤᠯᠵᠤ᠂ ᠬᠥᠳᠡᠭᠡ ᠲᠣᠰᠬᠤᠨ᠎ᠤ ᠣᠷᠴᠢᠨ ᠲᠣᠭᠣᠷᠢᠨ᠎ᠢ ᠬᠡᠰᠡᠭᠷᠡᠭᠦᠯᠦᠨ ᠵᠠᠯᠭ᠋ᠠᠯᠳᠤᠭᠤᠯᠵᠤ ᠪᠠᠢ᠌ᠭ᠋ᠠᠳ ᠵᠠᠰᠠᠯᠲᠠ ᠬᠢᠵᠦ ᠵᠢᠱ᠌ᠢᠶ᠎ᠡ ᠦᠵᠡᠭᠦᠯᠬᠦ ᠦᠷ᠎ᠡ ᠪᠦᠲᠦᠮᠵᠢ ᠣᠯᠬᠤ ᠵᠢ ᠪᠠᠲᠤᠯᠠᠵᠠᠢ᠃