ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠥᠷᠲᠡᠭᠡ ᠬᠢᠭᠡᠳ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠥᠷᠲᠡᠭᠡ ᠵᠢᠩᠬᠢᠨᠢ᠎ᠪᠠᠷ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠪᠠ
ᠨᠡᠶ᠋ᠢᠲᠡᠯᠡᠭᠰᠡᠨ ᠴᠠᠭ᠄ 2018-12-10

      2018 ᠣᠨ᠎ᠤ 11 ᠳ᠋ᠦ᠍ᠭᠡᠷ ᠰᠠᠷ᠎ᠠ ᠵᠢᠨ 29᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ ᠬᠢᠭᠡᠳ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠥᠷᠲᠡᠭᠡ ᠵᠢᠩᠬᠢᠨᠢ᠎ᠪᠠᠷ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠲᠥᠰᠥᠪ᠎ᠤᠨ ᠵᠥᠪᠯᠡᠯᠴᠡᠭᠡᠷ ᠲᠣᠭᠲᠠᠵᠤ᠂ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠬᠢᠬᠦ ᠬᠠᠨᠢᠲᠠᠨ᠎ᠤ ᠬᠠᠷᠢᠴᠠᠭ᠎ᠠ ᠵᠢ ᠲᠣᠭᠲᠠᠭ᠋ᠠᠵᠠᠢ᠃ ᠬᠣᠶᠠᠷ ᠲᠠᠯ᠎ᠠ᠎ᠪᠠᠷ ᠵᠶ᠋ᠠᠨ 《ᠬᠠᠮᠵᠢᠯᠴᠠᠨ ᠨᠡᠭᠡᠭᠡᠯᠲᠡ ᠬᠢᠬᠦ᠂ ᠳᠠᠪᠠᠭᠤᠯᠢᠭ ᠵᠶ᠋ᠠᠷ ᠵᠶ᠋ᠠᠨ ᠬᠠᠷᠢᠯᠴᠠᠨ ᠨᠥᠬᠥᠪᠦᠷᠢᠯᠡᠬᠦ᠂ ᠡᠷᠬᠡ ᠲᠡᠭᠰᠢ ᠬᠠᠷᠢᠯᠴᠠᠨ ᠠᠰᠢᠭᠲᠠᠢ᠂ ᠬᠠᠮᠲᠤᠷᠠᠯᠴᠠᠵᠤ ᠬᠠᠮᠲᠤ᠎ᠪᠠᠷ ᠢᠯᠠᠯᠲᠠ ᠣᠯᠬᠤ》 ᠵᠠᠷᠴᠢᠮ᠎ᠠᠴᠠ ᠡᠭᠦᠰᠦᠨ᠂ ᠣᠷᠣᠰᠢᠵᠤ ᠪᠠᠢ᠌ᠭ᠎ᠠ ᠬᠦᠷᠢᠶ᠎ᠡ ᠴᠠᠷᠠᠭ᠋ᠠᠨ᠎ᠤ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠢ ᠬᠢᠨᠠᠨ ᠬᠠᠮᠢᠶᠠᠷᠬᠤ᠂ ᠬᠢᠨᠠᠨ ᠬᠡᠮᠵᠢᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠤᠷᠢᠶᠠᠯᠠᠨ ᠳᠠᠭ᠋ᠠᠬᠤ᠂ ᠲᠥᠷᠥᠯ ᠵᠦᠢ᠍ᠯ ᠭᠤᠶᠤᠴᠢᠯᠠᠨ ᠮᠡᠳᠡᠭᠦᠯᠬᠦ ᠵᠡᠷᠭᠡ ᠬᠦᠷᠢᠶ᠎ᠡ ᠴᠠᠷᠠᠭ᠋ᠠᠨ᠎ᠳᠤ ᠪᠦᠬᠦ ᠲᠠᠯ᠎ᠠ ᠵᠢᠨ ᠬᠠᠮᠲᠤᠷᠠᠯᠴᠠᠭ᠎ᠠ ᠥᠷᠨᠢᠭᠦᠯᠵᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠮᠦᠸᠧ ᠰᠢᠶᠤᠤ ᠯᠢᠶᠠᠨ᠂ ᠬᠥᠷᠥᠰᠥ ᠰᠢᠷᠣᠢ ᠵᠢᠨ ᠣᠷᠴᠢᠨ ᠲᠣᠭᠣᠷᠢᠨ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠭᠠᠵᠠᠷ᠎ᠤᠨ ᠳᠡᠳ᠋ ᠳᠠᠷᠤᠭ᠎ᠠ ᠯᠢᠦ ᠰᠢᠶᠤᠤ ᠪᠦᠸᠧ᠂ ᠥᠪᠥᠷ ᠮᠣᠩᠭᠣᠯ᠎ᠤᠨ ᠰᠠᠴᠤᠷᠠᠭ᠎ᠤᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠥᠷᠲᠡᠭᠡᠨ᠎ᠤ ᠳᠠᠷᠤᠭ᠎ᠠ ᠵᠠᠩ ᠪᠣᠤ ᠱᠧᠩ᠂ ᠭᠤᠸᠠᠩᠰᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ ᠢᠨᠵᠧᠨᠧᠷ ᠳ᠋ᠧᠩ ᠴᠤᠤ ᠪᠢᠩ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠲᠠᠨ ᠯᠢᠶᠠᠩ᠂ ᠭᠤᠸᠠᠩᠰᠢ ᠵᠢᠨ ᠥᠷᠲᠡᠭᠡᠨ᠎ᠤ ᠳᠠᠷᠤᠭ᠎ᠠ ᠨᠢᠩ ᠶᠦᠨ ᠵᠡᠷᠭᠡ ᠬᠥᠮᠥᠰ ᠵᠥᠪᠯᠡᠯᠴᠡᠭᠡᠷ ᠲᠣᠭᠲᠠᠬᠤ ᠶᠣᠰᠣᠯᠠᠯ᠎ᠳᠤ ᠣᠷᠣᠯᠴᠠᠵᠠᠢ᠃
      ᠵᠥᠪᠯᠡᠯᠴᠡᠭᠡᠷ ᠲᠣᠭᠲᠠᠬᠤ ᠶᠣᠰᠣᠯᠠᠯ ᠳᠡᠭᠡᠷ᠎ᠡ᠂ ᠲᠢᠩᠬᠢᠮ᠎ᠤᠨ ᠳᠡᠳ᠋ ᠳᠠᠷᠤᠭ᠎ᠠ ᠮᠦᠸᠧ ᠰᠢᠶᠤᠤ ᠯᠢᠶᠠᠨ ᠮᠠᠨ᠎ᠤ ᠣᠷᠣᠨ᠎ᠤ ᠡᠮᠦᠨ᠎ᠡ᠎ᠠᠴᠠ ᠴᠢᠬᠤᠯᠠ ᠶᠠᠷᠢᠶ᠎ᠠ ᠲᠠᠯᠪᠢᠵᠤ᠂ ᠲᠤᠰ ᠤᠳᠠᠭ᠋ᠠᠨ᠎ᠤ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠨᠢ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠤ ᠴᠥᠮ᠎ᠡ ᠬᠢᠭᠡᠳ ᠰᠠᠴᠤᠷᠠᠭ᠎ᠤᠨ ᠦᠢ᠍ᠯᠡᠰ᠎ᠤᠨ ᠲᠠᠯ᠎ᠠ᠎ᠪᠠᠷ ᠠᠩᠬ᠎ᠠ ᠤᠳᠠᠭ᠎ᠠ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠬᠢᠭᠰᠡᠨ ᠡᠬᠢᠯᠡᠯᠲᠡ ᠪᠠᠢ᠌ᠵᠤ᠂ ᠬᠣᠶᠠᠷ ᠭᠠᠵᠠᠷ᠎ᠤᠨ ᠴᠥᠮ᠎ᠡ ᠬᠢᠭᠡᠳ ᠰᠠᠴᠤᠷᠠᠭ᠎ᠤᠨ ᠦᠢ᠍ᠯᠡᠰ᠎ᠤᠨ ᠰᠢᠨᠵᠢᠯᠡᠬᠦ ᠤᠬᠠᠭ᠋ᠠᠨᠴᠢ ᠬᠥᠭᠵᠢᠯᠲᠡ ᠪᠠ ᠦᠷᠭᠦᠯᠵᠢᠯᠡᠬᠦᠢ᠌ᠴᠡ ᠬᠥᠭᠵᠢᠯᠲᠡ ᠵᠢ ᠵᠠᠢ᠌ᠯᠠᠰᠢ ᠦᠭᠡᠢ ᠠᠬᠢᠭᠤᠯᠤᠨ᠂ ᠬᠣᠶᠠᠷ ᠭᠠᠵᠠᠷ᠎ᠤᠨ ᠴᠥᠮ᠎ᠡ ᠬᠢᠭᠡᠳ ᠰᠠᠴᠤᠷᠠᠭ᠎ᠤᠨ ᠦᠢ᠍ᠯᠡᠰ᠎ᠤᠨ ᠬᠥᠭᠵᠢᠯᠲᠡ᠎ᠳᠤ ᠬᠦᠴᠦᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ᠂ ᠬᠣᠶᠠᠷ ᠭᠠᠵᠠᠷ᠎ᠤᠨ ᠴᠥᠮ᠎ᠡ ᠬᠢᠭᠡᠳ ᠰᠠᠴᠤᠷᠠᠭ᠎ᠤᠨ ᠦᠢ᠍ᠯᠡᠰ᠎ᠤᠨ ᠰᠢᠨ᠎ᠡ ᠵᠢ ᠡᠭᠦᠳᠬᠦ ᠪᠠ ᠬᠠᠷᠢᠯᠴᠠᠨ ᠦᠢ᠍ᠯᠡᠳᠦᠯᠴᠡᠵᠦ ᠬᠠᠮᠲᠤ᠎ᠪᠠᠷ ᠢᠯᠠᠯᠲᠠ ᠣᠯᠬᠤ ᠵᠢ ᠠᠬᠢᠭᠤᠯᠬᠤ᠎ᠨᠢ ᠵᠠᠢ᠌ᠯᠠᠰᠢ ᠦᠭᠡᠢ ᠭᠡᠵᠦ ᠢᠯᠡᠷᠬᠡᠢ᠌ᠯᠡᠵᠡᠢ᠃
      ᠶᠡᠷᠦᠩᠬᠡᠢ ᠢᠨᠵᠧᠨᠧᠷ ᠳ᠋ᠧᠩ ᠴᠤᠤ ᠭᠤᠸᠠᠩᠰᠢ ᠵᠢᠨ ᠡᠮᠦᠨ᠎ᠡ᠎ᠠᠴᠠ ᠦᠭᠡ ᠶᠠᠷᠢᠵᠤ᠂ ᠬᠣᠶᠠᠷ ᠲᠠᠯ᠎ᠠ᠎ᠪᠠᠷ ᠵᠶ᠋ᠠᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠭᠰᠠᠨ᠎ᠳᠤ ᠴᠢᠩ ᠰᠡᠳᠬᠢᠯ᠎ᠠᠴᠠ᠎ᠪᠠᠨ ᠪᠠᠶᠠᠷ ᠬᠦᠷᠭᠡᠵᠦ ᠪᠠᠢ᠌ᠬᠤ᠎ᠪᠠᠨ ᠢᠯᠡᠷᠬᠡᠢ᠌ᠯᠡᠵᠦ᠂ 《ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠲᠥᠰᠥᠪ᠎ᠤᠨ ᠵᠥᠪᠯᠡᠯᠴᠡᠭᠡᠷ》 ᠲᠣᠭᠲᠠᠬᠤ᠎ᠪᠠᠷ ᠳᠠᠮᠵᠢᠭᠤᠯᠤᠨ᠂ ᠡᠷᠲᠡᠬᠡᠨ ᠪᠣᠳᠠᠲᠤ ᠴᠢᠨᠠᠷᠲᠠᠢ ᠲᠥᠷᠥᠯ ᠵᠦᠢ᠍ᠯ᠎ᠤᠨ ᠬᠠᠮᠲᠤᠷᠠᠯᠴᠠᠭ᠎ᠠ ᠥᠷᠨᠢᠭᠦᠯᠬᠦ ᠵᠢ ᠬᠦᠰᠡᠵᠦ ᠪᠠᠢ᠌ᠨ᠎ᠠ᠃ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠢ ᠬᠢᠨᠠᠨ ᠬᠠᠮᠢᠶᠠᠷᠬᠤ᠂ ᠬᠢᠨᠠᠨ ᠬᠡᠮᠵᠢᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠤᠷᠢᠶᠠᠯᠠᠨ ᠳᠠᠭ᠋ᠠᠬᠤ᠂ ᠲᠥᠷᠥᠯ ᠵᠦᠢ᠍ᠯ ᠭᠤᠶᠤᠴᠢᠯᠠᠨ ᠮᠡᠳᠡᠭᠦᠯᠬᠦ ᠵᠡᠷᠭᠡ ᠬᠦᠷᠢᠶ᠎ᠡ ᠴᠠᠷᠠᠭ᠎ᠠ᠎ᠳᠤ ᠳᠠᠪᠠᠭᠤᠯᠢᠭ ᠵᠶ᠋ᠠᠷ ᠵᠶ᠋ᠠᠨ ᠬᠠᠷᠢᠯᠴᠠᠨ ᠨᠥᠬᠥᠪᠦᠷᠢᠯᠡᠵᠦ᠂ ᠬᠠᠮᠢᠶ᠎ᠠ ᠪᠦᠬᠦᠢ ᠮᠡᠷᠭᠡᠵᠢᠯ᠂ ᠲᠥᠬᠥᠭᠡᠷᠥᠮᠵᠢ᠂ ᠪᠦᠯᠬᠦᠮ ᠨᠡᠢ᠌ᠲᠡ ᠵᠡᠷᠭᠡ ᠲᠠᠯ᠎ᠠ᠎ᠪᠠᠷ ᠬᠠᠮᠲᠤ᠎ᠪᠠᠷ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠲᠦᠪᠰᠢᠨ᠎ᠳᠤ ᠬᠦᠷᠲᠡᠯ᠎ᠡ ᠳᠡᠭᠡᠭᠰᠢᠯᠡᠭᠦᠯᠦᠨ᠎ᠡ ᠭᠡᠵᠡᠢ᠃
      ᠡᠨᠡ ᠬᠦ᠌ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠬᠢᠨᠠᠯᠲᠠ ᠲᠠᠯᠪᠢᠬᠤ ᠥᠷᠲᠡᠭᠡᠨ᠎ᠤ᠎ᠬᠢᠨ ᠭᠤᠸᠠᠩᠰᠢ ᠵᠢᠨ ᠬᠣᠲᠠ ᠵᠢᠨ ᠰᠠᠴᠤᠷᠠᠮᠠᠬᠠᠢ ᠴᠢᠨᠠᠷᠲᠠᠢ ᠬᠠᠶᠠᠭᠳᠠᠮᠠᠯ ᠡᠳ᠋᠎ᠤᠨ ᠬᠥᠮᠥᠷᠭᠡ᠎ᠳᠤ ᠣᠴᠢᠵᠤ ᠬᠣᠲᠠ ᠵᠢᠨ ᠰᠠᠴᠤᠷᠠᠮᠠᠬᠠᠢ ᠴᠢᠨᠠᠷᠲᠠᠢ ᠬᠠᠶᠠᠭᠳᠠᠮᠠᠯ ᠡᠳ᠋᠎ᠤᠨ ᠬᠥᠮᠥᠷᠭᠡ ᠵᠢᠨ ᠠᠮᠤᠷ ᠲᠦᠪᠰᠢᠨ᠎ᠤ ᠬᠠᠮᠠᠭ᠋ᠠᠯᠠᠯᠲᠠ᠎ᠪᠠᠨ ᠳᠡᠰ ᠳᠡᠪᠰᠢᠭᠦᠯᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠰᠦᠷᠳᠡᠭᠦᠯᠦᠯ᠎ᠢ ᠡᠰᠡᠷᠭᠦᠴᠡᠬᠦ᠂ ᠰᠠᠴᠤᠷᠠᠭ᠎ᠠᠴᠠ ᠰᠡᠷᠭᠡᠢ᠌ᠯᠡᠨ ᠲᠦᠭᠰᠢᠭᠦᠷᠢ ᠵᠢ ᠢᠯᠭ᠋ᠠᠨ ᠪᠠᠢ᠌ᠴᠠᠭ᠋ᠠᠬᠤ ᠬᠢᠭᠡᠳ ᠡᠵᠡᠮᠳᠡᠬᠦ ᠵᠡᠷᠭᠡ ᠲᠠᠯ᠎ᠠ᠎ᠪᠠᠷ ᠭᠦᠨᠵᠡᠭᠡᠢ ᠰᠣᠯᠢᠯᠴᠠᠭ᠎ᠠ ᠬᠢᠭᠰᠡᠨ᠎ᠤ ᠬᠠᠮᠲᠤ᠂ ᠬᠠᠮᠲᠤ᠎ᠪᠠᠷ ᠡᠭᠦᠷᠭᠡᠯᠡᠵᠦ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠲᠥᠪ᠎ᠤᠨ ᠰᠠᠴᠤᠷᠠᠭ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠠᠬᠤᠢ ᠪᠠᠢ᠌ᠳᠠᠯ᠎ᠤᠨ ᠬᠡᠷᠡᠭ᠎ᠤᠨ ᠵᠢᠱ᠌ᠢᠶ᠎ᠡ᠂ ᠣᠷᠣᠨ ᠨᠤᠲᠤᠭ᠎ᠤᠨ ᠰᠠᠴᠤᠷᠠᠭ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ ᠳᠦᠷᠢᠮ᠎ᠢ ᠲᠣᠭᠲᠠᠭ᠋ᠠᠬᠤ ᠵᠢᠴᠢ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠡᠷᠭᠡ ᠬᠡᠳᠦᠨ ᠲᠠᠯ᠎ᠠ᠎ᠪᠠᠷ ᠮᠡᠷᠭᠡᠵᠢᠯ᠎ᠤᠨ ᠰᠣᠯᠢᠯᠴᠠᠭ᠎ᠠ ᠬᠢᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠨᠡᠭᠦᠷᠡᠰᠦᠨ᠎ᠤ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠪᠠᠷᠢᠮᠵᠢᠶ᠎ᠠ᠎ᠠᠴᠠ ᠬᠡᠲᠦᠷᠡᠭᠰᠡᠨ ᠠᠵᠤ ᠠᠬᠤᠢ᠌ᠯᠠᠯ᠎ᠳᠤ ᠬᠦᠨᠳᠦ ᠴᠣᠬᠢᠯᠲᠠ ᠥᠭᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠬᠦ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠢᠩᠬᠢᠮ᠎ᠤᠨ ᠰᠢᠰᠲ᠋ᠧᠮ᠎ᠤᠨ᠎ᠬᠢᠨ᠎ᠤ ᠨᠠᠮ᠎ᠤᠨ ᠶᠡᠷᠦᠩᠬᠡᠢ ᠡᠭᠦᠷ (ᠨᠠᠮ᠎ᠤᠨ ᠡᠭᠦᠷ)᠎ᠤᠨ ᠱᠦᠵᠢ ᠵᠢᠨ ᠨᠠᠮᠴᠢ ᠴᠢᠨᠠᠷ᠎ᠤᠨ ᠬᠥᠮᠥᠵᠢᠯ ᠪᠠ ᠴᠢᠳᠠᠪᠤᠷᠢ ᠵᠢᠨ ᠳᠡᠭᠡᠭᠰᠢᠯᠡᠯᠲᠡ ᠵᠢᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠲᠦᠩᠯᠢᠶᠣᠣ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠪᠣᠬᠢᠷᠲᠤᠯ ᠦᠭᠡᠢ᠎ᠪᠠᠷ ᠬᠥᠭᠵᠢᠭᠦᠯᠬᠦ ᠵᠢ ᠪᠠᠷᠢᠮᠲᠠᠯᠠᠵᠤ ᠲᠦᠩᠯᠢᠶᠣᠣ ᠵᠢᠨ ᠨᠣᠮᠢᠨ ᠤᠰᠤ ᠬᠥᠬᠡ ᠣᠭᠲᠠᠷᠭᠤᠢ ᠵᠢ ᠬᠠᠮᠠᠭ᠋ᠠᠯᠠᠵᠤ ᠪᠠᠢ᠌ᠨ᠎ᠠ
ᠬᠥᠯᠥᠨ ᠪᠣᠢ᠌ᠷ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ 《ᠭᠤᠷᠪᠠᠨ ᠵᠦᠢ᠍ᠯ᠎ᠤᠨ ᠠᠷᠭ᠎ᠠ ᠠᠪᠴᠢᠯ》᠎ᠢ ᠬᠡᠷᠡᠭᠯᠡᠵᠦ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨᠵᠢᠯᠡᠬᠦ ᠤᠬᠠᠭ᠋ᠠᠨᠴᠢ ᠬᠢᠷᠢ ᠲᠦᠪᠰᠢᠨ ᠵᠶ᠋ᠡᠨ ᠪᠦᠬᠦ ᠲᠠᠯ᠎ᠠ᠎ᠪᠠᠷ ᠳᠡᠭᠡᠭᠰᠢᠯᠡᠭᠦᠯᠪᠡ
 
             蒙ICP备05000248号