ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠬᠥᠯᠥᠨ ᠪᠣᠢ᠌ᠷ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ 《ᠭᠤᠷᠪᠠᠨ ᠵᠦᠢ᠍ᠯ᠎ᠤᠨ ᠠᠷᠭ᠎ᠠ ᠠᠪᠴᠢᠯ》᠎ᠢ ᠬᠡᠷᠡᠭᠯᠡᠵᠦ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨᠵᠢᠯᠡᠬᠦ ᠤᠬᠠᠭ᠋ᠠᠨᠴᠢ ᠬᠢᠷᠢ ᠲᠦᠪᠰᠢᠨ ᠵᠶ᠋ᠡᠨ ᠪᠦᠬᠦ ᠲᠠᠯ᠎ᠠ᠎ᠪᠠᠷ ᠳᠡᠭᠡᠭᠰᠢᠯᠡᠭᠦᠯᠪᠡ
ᠨᠡᠶ᠋ᠢᠲᠡᠯᠡᠭᠰᠡᠨ ᠴᠠᠭ᠄ 2018-12-17

      ᠡᠨᠡ ᠵᠢᠯ᠎ᠠᠴᠠ ᠨᠠᠭ᠋ᠠᠰᠢ᠂ ᠬᠥᠯᠥᠨ ᠪᠣᠢ᠌ᠷ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠬᠣᠲᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠥᠪᠯᠡᠯ ᠪᠠ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠵᠥᠪ ᠤᠳᠤᠷᠢᠳᠤᠯᠭ᠎ᠠ ᠳᠣᠣᠷ᠎ᠠ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠨᠠᠮ᠎ᠤᠨ ᠪᠦᠬᠦ ᠲᠠᠯ᠎ᠠ᠎ᠪᠠᠷ ᠴᠢᠩᠭ᠎ᠠ ᠵᠠᠰᠠᠬᠤ》 ᠵᠢ ᠪᠠᠷᠢᠮᠲᠠᠯᠠᠨ᠂ ᠨᠠᠮ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠳᠦᠷᠢᠮ᠎ᠢ ᠭᠦᠨᠵᠡᠭᠡᠢ ᠨᠠᠢ᠌ᠳᠠᠪᠤᠷᠢᠵᠢᠭᠤᠯᠵᠤ᠂ ᠨᠠᠮ᠎ᠤᠨ ᠡᠭᠦᠷ᠎ᠤᠨ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠠᠳᠬᠤᠨ᠂ ᠨᠠᠮ᠎ᠤᠨ ᠭᠡᠰᠢᠭᠦᠨ᠎ᠤ ᠰᠤᠷᠤᠯᠴᠠᠯᠭ᠎ᠠ ᠬᠥᠮᠥᠵᠢᠯ᠎ᠢ ᠠᠳᠬᠤᠵᠤ᠂ ᠰᠠᠯᠠᠭ᠎ᠠ ᠮᠥᠴᠢᠷ᠎ᠤᠨ ᠰᠠᠬᠢᠯᠭ᠎ᠠ ᠪᠠᠲᠤ ᠣᠪᠣᠷ ᠰᠤᠷᠲᠠᠯ᠎ᠢ ᠠᠳᠬᠤᠬᠤ᠎ᠪᠠᠷ ᠭᠣᠣᠯᠳᠠᠯᠭ᠎ᠠ ᠪᠣᠯᠭ᠋ᠠᠵᠤ᠂ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠨ᠂ ᠨᠠᠮ᠎ᠤᠨ ᠭᠡᠰᠢᠭᠦᠨ᠎ᠤ ᠰᠤᠷᠤᠯᠴᠠᠯᠭ᠎ᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ᠂ ᠰᠢᠨᠵᠢᠯᠡᠬᠦ ᠤᠬᠠᠭ᠋ᠠᠨᠴᠢᠯᠠᠯᠲᠠ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨ᠎ᠡ ᠠᠬᠢᠯᠲᠠ᠎ᠲᠠᠢ ᠪᠣᠯᠬᠤ ᠵᠢ ᠠᠬᠢᠭᠤᠯᠵᠠᠢ᠃
      ᠨᠢᠭᠡ᠎ᠳᠤ᠂ ᠨᠠᠮ᠎ᠤᠨ ᠡᠭᠦᠷ᠎ᠤᠨ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠠᠳᠬᠤᠪᠠ᠃ 《ᠬᠥᠯᠥᠨ ᠪᠣᠢ᠌ᠷ ᠬᠣᠲᠠ ᠵᠢᠨ ᠦᠨᠳᠦᠰᠦᠨ ᠱᠠᠲᠤᠨ᠎ᠤ ᠨᠠᠮ᠎ᠤᠨ ᠡᠭᠦᠷ᠎ᠤᠨ ᠠᠮᠢᠳᠤᠷᠠᠯ᠎ᠤᠨ ᠪᠦᠬᠦ ᠶᠠᠪᠤᠴᠠ ᠵᠢ ᠦᠨᠡᠨ ᠪᠣᠳᠠᠲᠠᠢ᠎ᠪᠠᠷ ᠲᠡᠮᠳᠡᠭᠯᠡᠬᠦ ᠵᠢᠷᠤᠮᠵᠢᠯ》 《ᠬᠥᠯᠥᠨ ᠪᠣᠢ᠌ᠷ ᠬᠣᠲᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮ᠎ᠤᠨ ᠡᠭᠦᠷ᠎ᠤᠨ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ》 《ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠲᠥᠯᠥᠪᠯᠡᠭᠡ ᠵᠢᠨ ᠮᠡᠳᠡᠭᠦᠯᠦᠨ ᠵᠥᠪᠰᠢᠶᠡᠷᠡᠭᠦᠯᠬᠦ ᠳᠦᠷᠢᠮ》 《ᠨᠠᠮ᠎ᠤᠨ ᠰᠦᠢ᠍ᠳᠬᠡᠯ᠎ᠢ ᠲᠤᠰᠢᠶᠠᠬᠤ ᠡᠳᠦᠷ᠎ᠤᠨ ᠳᠦᠷᠢᠮ》 ᠵᠡᠷᠭᠡ ᠡᠯ᠎ᠡ ᠵᠦᠢ᠍ᠯ᠎ᠤᠨ ᠠᠵᠢᠯ᠎ᠤᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠪᠠ᠃ ᠨᠠᠮ᠎ᠤᠨ ᠶᠡᠷᠦᠩᠬᠡᠢ ᠡᠭᠦᠷ᠎ᠠᠴᠠ ᠴᠢᠩᠭ᠎ᠠ ᠡᠵᠡᠮᠳᠡᠨ᠂ ᠨᠠᠮ᠎ᠤᠨ ᠭᠡᠰᠢᠭᠦᠨ᠎ᠢ ᠬᠥᠮᠥᠵᠢᠭᠦᠯᠬᠦ᠂ ᠨᠠᠮ᠎ᠤᠨ ᠭᠡᠰᠢᠭᠦᠨ᠎ᠢ ᠲᠣᠭ᠋ᠠᠯᠠᠨ ᠪᠦᠷᠢᠳᠬᠡᠬᠦ᠂ ᠨᠠᠮ᠎ᠤᠨ ᠰᠦᠢ᠍ᠳᠬᠡᠯ ᠲᠤᠰᠢᠶᠠᠬᠤ᠂ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠭᠡᠰᠢᠭᠦᠨ᠎ᠤ ᠮᠡᠳᠡᠭᠡ ᠵᠠᠩᠭᠢ ᠵᠢ ᠴᠤᠭᠯᠠᠭᠤᠯᠬᠤ ᠵᠡᠷᠭᠡ ᠡᠯ᠎ᠡ ᠵᠦᠢ᠍ᠯ᠎ᠤᠨ ᠠᠵᠢᠯ᠎ᠢ ᠵᠢᠯᠣᠭᠣᠳᠤᠨ ᠰᠠᠢ᠌ᠲᠤᠷ ᠬᠢᠵᠡᠢ᠃ 《ᠦᠵᠡᠰᠬᠦᠯᠡᠩᠲᠦ ᠰᠠᠢ᠌ᠬᠠᠨ ᠭᠡᠷ ᠣᠷᠣᠨ᠂ ᠪᠣᠬᠢᠷᠲᠤᠯ ᠦᠭᠡᠢ ᠵᠢᠱ᠌ᠢᠶᠡᠴᠢ ᠳᠠᠭ᠋ᠠᠭᠤᠯᠤᠭᠴᠢ》 ᠭᠡᠬᠦ ᠨᠠᠮ᠎ᠤᠨ   ᠪᠠᠢ᠌ᠭᠤᠯᠤᠯᠲᠠ ᠵᠢᠨ   ᠨᠡᠷᠡᠲᠦ ᠲᠡᠮᠳᠡᠭ᠎ᠢ   ᠡᠭᠦᠳᠦᠨ ᠪᠠᠢ᠌ᠭᠤᠯᠵᠤ᠂ 80 ᠺᠦᠸᠠᠳ᠋ ᠮᠧᠲᠷ᠎ᠤᠨ ᠪᠠᠷᠢᠮᠵᠢᠶᠠᠵᠢᠭᠤᠯᠤᠭᠰᠠᠨ ᠨᠢᠭᠡ ᠠᠵᠢᠯᠯᠠᠭ᠋ᠠᠨ᠎ᠤ ᠲᠠᠰᠤᠭ᠎ᠢ ᠪᠠᠢ᠌ᠭᠤᠯᠤᠨ᠂ ᠡᠯ᠎ᠡ ᠵᠦᠢ᠍ᠯ᠎ᠤᠨ ᠲᠥᠬᠥᠭᠡᠷᠦᠮᠵᠢ ᠪᠡᠯᠡᠳᠬᠡᠮᠵᠢ ᠵᠢ ᠪᠦᠷᠢᠨ ᠲᠣᠬᠢᠷᠠᠭᠤᠯᠵᠤ᠂ ᠨᠠᠮ᠎ᠤᠨ ᠪᠠᠢ᠌ᠭᠤᠯᠤᠯᠲᠠ ᠵᠢᠨ ᠪᠡᠬᠢᠯᠡᠯᠲᠡ ᠵᠢᠨ ᠰᠢᠨ᠎ᠡ ᠰᠢᠪᠲᠤᠯᠤᠯᠲᠠ ᠵᠢ ᠪᠡᠶᠡᠯᠡᠭᠦᠯᠵᠡᠢ᠃
      ᠬᠣᠶᠠᠷ᠎ᠲᠤ᠂ ᠨᠠᠮ᠎ᠤᠨ ᠭᠡᠰᠢᠭᠦᠨ᠎ᠤ ᠰᠤᠷᠤᠯᠴᠠᠭ᠎ᠠ ᠬᠥᠮᠥᠵᠢᠯ᠎ᠢ ᠠᠳᠬᠤᠪᠠ᠃ 《ᠬᠣᠶᠠᠷ᠎ᠢ ᠰᠤᠷᠤᠯᠴᠠᠵᠤ ᠬᠢᠷᠢ ᠲᠡᠩᠴᠡᠭᠰᠡᠨ ᠨᠠᠮ᠎ᠤᠨ ᠭᠡᠰᠢᠭᠦᠨ ᠪᠣᠯᠣᠶ᠎ᠠ》 ᠭᠡᠬᠦ ᠰᠤᠷᠤᠯᠴᠠᠯᠭ᠎ᠠ ᠬᠥᠮᠥᠵᠢᠯ᠎ᠤᠨ ᠬᠡᠪᠰᠢᠵᠢᠭᠦᠯᠦᠯᠲᠡ ᠳᠦᠷᠢᠮᠵᠢᠭᠦᠯᠦᠯᠲᠡ ᠵᠢᠨ ᠦᠷ᠎ᠡ ᠪᠦᠲᠦᠭᠡᠯ᠎ᠢ ᠦᠷᠭᠦᠯᠵᠢᠯᠡᠨ ᠭᠦᠨᠵᠡᠭᠡᠢ᠌ᠷᠡᠭᠦᠯᠦᠨ ᠪᠠᠲᠤᠳᠬᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠡᠷᠭᠡ ᠠᠭᠤᠯᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠨ ᠲᠣᠭᠣᠷᠢᠨ᠎ᠳᠤ ᠴᠢᠩᠭ᠎ᠠ ᠨᠢᠭᠲᠠᠷᠠᠵᠤ᠂ ᠠᠵᠢᠯ ᠰᠤᠷᠤᠯᠴᠠᠯᠭ᠎ᠠ ᠵᠢᠨ ᠵᠥᠷᠢᠴᠡᠯ᠎ᠢ ᠰᠢᠢ᠍ᠳᠪᠦᠷᠢᠯᠡᠬᠦ ᠪᠠ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠴᠢᠩᠭ᠋ᠠᠷᠠᠭᠤᠯᠬᠤ ᠲᠠᠯ᠎ᠠ᠎ᠪᠠᠷ ᠭᠣᠣᠯᠳᠠᠯᠭ᠎ᠠ᠎ᠲᠠᠢ᠎ᠪᠠᠨ ᠵᠡᠷᠭᠡ᠎ᠳᠤ᠎ᠨᠢ ᠬᠦᠴᠦᠯᠡᠪᠡ᠃ ᠪᠦᠬᠦ ᠵᠢᠯ᠎ᠳᠤ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢ 12 ᠤᠳᠠᠭ᠎ᠠ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠢᠨ ᠨᠠᠮ᠎ᠤᠨ ᠬᠢᠴᠢᠶᠡᠯ ᠲᠠᠢ᠌ᠯᠤᠮᠵᠢ ᠵᠢ 2 ᠤᠳᠠᠭ᠎ᠠ᠂ ᠭᠠᠷᠠᠭ ᠪᠦᠷᠢ ᠵᠢᠨ ᠲᠣᠭᠲᠠᠮᠠᠯ ᠡᠳᠦᠷ᠎ᠤᠨ ᠰᠤᠷᠤᠯᠴᠠᠯᠭ᠎ᠠ ᠵᠢ 37 ᠤᠳᠠᠭ᠎ᠠ᠂ ᠲᠤᠰᠬᠠᠢ ᠰᠡᠳᠦᠪᠲᠦ ᠲᠠᠢ᠌ᠯᠤᠮᠵᠢ ᠪᠠ ᠮᠡᠳᠡᠯᠭᠡ ᠵᠢᠨ ᠰᠢᠯᠭ᠋ᠠᠯᠲᠠ ᠵᠢ 3 ᠤᠳᠠᠭ᠎ᠠ ᠵᠣᠬᠢᠶᠠᠨ ᠪᠠᠢ᠌ᠭᠤᠯᠵᠤ᠂ ᠣᠬᠣᠷ ᠮᠡᠳᠡᠭᠡᠨ᠎ᠤ ᠬᠢᠴᠢᠶᠡᠯ᠎ᠢ 132 ᠬᠤᠭᠤᠴᠠᠭ᠎ᠠ ᠳᠠᠮᠵᠢᠭᠤᠯᠵᠠᠢ᠃
      ᠭᠤᠷᠪᠠ᠎ᠳᠤ᠂ ᠰᠠᠯᠠᠭ᠎ᠠ ᠮᠥᠴᠢᠷ᠎ᠤᠳ᠎ᠤᠨ ᠰᠠᠬᠢᠯᠭ᠎ᠠ ᠪᠠᠲᠤ ᠣᠪᠣᠷ ᠰᠤᠷᠲᠠᠯ᠎ᠢ ᠠᠳᠬᠤᠪᠠ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠰᠠᠬᠢᠯᠭ᠎ᠠ ᠪᠠᠲᠤ ᠣᠪᠣᠷ ᠰᠤᠷᠲᠠᠯ᠎ᠤᠨ ᠤᠵᠢᠭ ᠡᠪᠡᠳᠴᠢᠨ᠎ᠢ ᠴᠢᠩᠭ᠎ᠠ ᠣᠨᠢᠯᠠᠵᠤ᠂ ᠪᠠᠢ᠌ᠩᠭᠤ ᠠᠳᠬᠤᠬᠤ ᠪᠠ ᠤᠷᠲᠤ ᠬᠤᠭᠤᠴᠠᠭ᠎ᠠ᠎ᠪᠠᠷ ᠠᠳᠬᠤᠬᠤ ᠳᠡᠭᠡᠷ᠎ᠡ ᠬᠦᠴᠦ ᠵᠠᠷᠤᠴᠠᠭᠤᠯᠪᠠ᠃ ᠠᠯᠪᠠᠨ ᠭᠡᠷ ᠪᠠ ᠨᠠᠮ᠎ᠤᠨ ᠡᠯ᠎ᠡ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ ᠵᠶ᠋ᠡᠷ ᠣᠪᠣᠷ ᠰᠤᠷᠲᠠᠯ᠎ᠢ ᠬᠢᠨᠠᠨ ᠪᠠᠢ᠌ᠴᠠᠭ᠋ᠠᠵᠤ ᠴᠠᠭᠳᠠᠨ ᠪᠠᠢ᠌ᠴᠠᠭ᠋ᠠᠬᠤ ᠳᠤᠭᠤᠢ᠌ᠯᠠᠩ᠎ᠢ ᠪᠠᠢ᠌ᠭᠤᠯᠵᠤ᠂ ᠴᠢᠬᠤᠯᠠ ᠪᠠᠶᠠᠷ ᠳᠤᠷᠠᠰᠬᠠᠯ᠎ᠤᠨ ᠡᠳᠦᠷ ᠪᠠ ᠴᠠᠭ ᠵᠠᠩᠭᠢᠯᠠᠭ᠎ᠠ ᠵᠢᠨ ᠦᠶ᠎ᠡ᠎ᠳᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠠᠵᠢᠯ᠎ᠤᠨ ᠰᠠᠬᠢᠯᠭ᠎ᠠ ᠪᠠᠲᠤ ᠵᠢ ᠴᠠᠭᠳᠠᠨ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠵᠢ ᠥᠷᠨᠢᠭᠦᠯᠵᠦ᠂ ᠰᠠᠬᠢᠯᠭ᠎ᠠ ᠪᠠᠲᠤ᠎ᠠᠴᠠ ᠵᠥᠷᠢᠴᠡᠭᠰᠡᠨ ᠠᠵᠢᠯᠯᠠᠭ᠎ᠠ ᠵᠢ 《ᠣᠭᠲᠣ ᠠᠭᠤᠴᠢᠯᠠᠨ ᠪᠠᠭᠲᠠᠭ᠋ᠠᠬᠤ ᠦᠭᠡᠢ》 ᠪᠠᠢ᠌ᠬᠤ ᠵᠢ ᠭᠦᠢ᠍ᠴᠡᠳᠬᠡᠪᠡ᠃ ᠪᠦᠬᠦ ᠵᠢᠯ᠎ᠳᠤ᠂ ᠰᠠᠬᠢᠯᠭ᠎ᠠ ᠪᠠᠲᠤ ᠵᠢᠨ ᠴᠠᠭᠳᠠᠨ ᠪᠠᠢ᠌ᠴᠠᠭ᠋ᠠᠯᠲᠠ ᠵᠢ 10 ᠭᠠᠷᠤᠢ ᠤᠳᠠᠭ᠎ᠠ ᠥᠷᠨᠢᠭᠦᠯᠦᠨ᠂ ᠲᠣᠪᠴᠢᠶ᠎ᠠ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠳᠤ 14 ᠨᠠᠮ᠎ᠤᠨ ᠭᠡᠰᠢᠭᠦᠨ ᠺᠠᠳ᠋ᠷ᠎ᠢ ᠰᠢᠯᠵᠢᠭᠦᠯᠦᠨ ᠲᠤᠰᠢᠶᠠᠵᠤ ᠪᠣᠯᠵᠣᠨ ᠶᠠᠷᠢᠯᠴᠠᠭᠤᠯᠤᠭᠰᠠᠨ᠎ᠠᠴᠠ᠂ ᠪᠠᠢ᠌ᠭᠤᠯᠭ᠎ᠠ ᠵᠢᠨ ᠰᠠᠬᠢᠯᠭ᠎ᠠ ᠪᠠᠲᠤ ᠣᠪᠣᠷ ᠰᠤᠷᠲᠠᠯ᠎ᠤᠨ ᠪᠠᠢ᠌ᠭᠤᠯᠤᠯᠲᠠ ᠢᠯᠡᠳᠲᠡ ᠰᠠᠢ᠌ᠵᠢᠷᠠᠵᠠᠢ᠃
     

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ ᠪᠦᠬᠦ ᠠᠢ᠌ᠮᠠᠭ᠎ᠤᠨ ᠬᠣᠶᠠᠷ ᠱᠠᠲᠤᠨ᠎ᠤ ᠰᠢᠭᠦᠬᠦ ᠬᠣᠷᠢᠶ᠎ᠠ ᠵᠢᠨ ᠣᠷᠴᠢᠨ ᠲᠣᠭᠣᠷᠢᠨ᠎ᠤ ᠡᠬᠢ ᠪᠠᠶᠠᠯᠢᠭ᠎ᠲᠤ ᠬᠣᠯᠪᠣᠭᠳᠠᠬᠤ ᠬᠡᠷᠡᠭ᠎ᠤᠨ ᠰᠢᠭᠦᠨ ᠲᠠᠰᠤᠯᠤᠭᠰᠠᠨ ᠠᠵᠢᠯ᠎ᠤᠨ ᠦᠨᠳᠦᠰᠦᠨ ᠪᠠᠢ᠌ᠳᠠᠯ᠎ᠢ ᠵᠠᠷᠯᠠᠨ ᠮᠡᠳᠡᠭᠡᠯᠡᠪᠡ
《ᠰᠠᠴᠤᠷᠠᠭ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠠᠬᠤᠢ ᠪᠠᠢ᠌ᠳᠠᠯ᠎ᠤᠨ ᠬᠡᠷᠡᠭ᠎ᠤᠨ ᠵᠢᠱ᠌ᠢᠶ᠎ᠡ ᠵᠢᠨ ᠬᠥᠮᠥᠷᠭᠡ》 ᠵᠢ ᠨᠠᠢ᠌ᠷᠠᠭᠤᠯᠤᠨ ᠵᠣᠬᠢᠶᠠᠵᠤ ᠨᠣᠣᠷᠠᠭ ᠲᠣᠭᠲᠠᠭ᠋ᠠᠬᠤ ᠬᠤᠷᠠᠯ ᠪᠤᠭᠤᠲᠤ᠎ᠳᠤ ᠤᠷᠤᠭᠰᠢᠲᠠᠢ ᠶᠠᠪᠤᠭᠳᠠᠪᠠ
ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ ᠠᠵᠢᠯ᠎ᠨᠢ ᠢᠯᠡᠳᠲᠡ ᠦᠷ᠎ᠡ ᠪᠦᠲᠦᠮᠵᠢ ᠣᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠣᠢ ᠵᠢ ᠪᠡᠯᠭᠡᠯᠡᠬᠦ ᠲᠤᠰᠬᠠᠢ ᠰᠡᠳᠦᠪᠲᠦ ᠨᠠᠮ᠎ᠤᠨ ᠬᠢᠴᠢᠶᠡᠯ᠎ᠤᠨ ᠮᠡᠳᠡᠭᠦᠯᠦᠯᠲᠡ ᠵᠢᠨ ᠶᠡᠬᠡ ᠬᠤᠷᠠᠯ᠎ᠢ ᠬᠤᠷᠠᠯᠳᠤᠭᠤᠯᠪᠠ
 
             蒙ICP备05000248号