ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2018-12-03

      ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠤᠯᠠᠮ ᠨᠢᠭᠡ ᠠᠯᠬᠤᠮ ᠠᠬᠢᠭᠤᠯᠬᠤ ᠵᠢᠨ ᠲᠤᠰᠠᠳᠠ᠂ 《ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ 2018 ᠣᠨ᠎ᠤ ᠪᠣᠯᠪᠠᠰᠤᠷᠠᠯ᠎ᠤᠨ ᠲᠥᠯᠥᠪᠯᠡᠭᠡ》 ᠵᠢ ᠦᠨᠳᠦᠰᠦᠯᠡᠵᠦ᠂ 2 ᠡᠳᠦᠷ᠎ᠤᠨ ᠬᠤᠭᠤᠴᠠᠭ᠎ᠠ᠎ᠲᠠᠢ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠯ᠎ᠤᠨ ᠠᠩᠭᠢ᠎ᠨᠢ 11 ᠳ᠋ᠦ᠍ᠭᠡᠷ ᠰᠠᠷ᠎ᠠ ᠵᠢᠨ 26᠎ᠤ ᠡᠳᠦᠷ ᠬᠥᠬᠡᠬᠣᠲᠠ᠎ᠳᠤ ᠡᠬᠢᠯᠡᠵᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠠᠩᠭᠢ ᠡᠬᠢᠯᠡᠬᠦ ᠶᠣᠰᠣᠯᠠᠯ᠎ᠳᠤ ᠣᠷᠣᠯᠴᠠᠭᠰᠠᠨ᠎ᠤ ᠬᠠᠮᠲᠤ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠶᠢᠨ ᠱᠦ᠍ ᠭᠠᠩ ᠠᠩᠭᠢ ᠡᠬᠢᠯᠡᠬᠦ ᠶᠣᠰᠣᠯᠠᠯ᠎ᠢ ᠡᠷᠬᠢᠯᠡᠪᠡ᠃
      ᠵᠠᠩ ᠬᠤᠢ ᠢᠦᠢ ᠵᠢᠭ᠋ᠠᠬᠤ᠎ᠳᠤ᠎ᠪᠠᠨ᠂ ᠲᠤᠰ ᠤᠳᠠᠭ᠋ᠠᠨ᠎ᠤ ᠪᠣᠯᠪᠠᠰᠤᠷᠠᠯ᠎ᠤᠨ ᠭᠣᠣᠯ ᠡᠭᠦᠷᠭᠡ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠲᠤᠬᠠᠢ ᠲᠥᠪ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ᠎ᠳᠤ ᠪᠦᠬᠦ ᠲᠠᠯ᠎ᠠ᠎ᠪᠠᠷ ᠰᠢᠰᠲ᠋ᠧᠮ᠎ᠲᠠᠢ ᠲᠠᠢ᠌ᠯᠤᠮᠵᠢ ᠬᠢᠵᠦ᠂ ᠲᠤᠷᠰᠢᠯᠭ᠎ᠠ ᠵᠢᠨ ᠰᠣᠯᠢᠯᠴᠠᠭ᠎ᠠ᠎ᠪᠠᠨ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠥᠷᠭᠡᠨ ᠣᠯᠠᠨ ᠺᠠᠳ᠋ᠷ᠎ᠤᠨ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠴᠢᠬᠤᠯᠠ ᠴᠢᠨᠠᠷ᠂ ᠪᠠᠴᠢᠮᠳᠠᠭᠤ ᠴᠢᠨᠠᠷ᠎ᠤᠨ ᠲᠤᠬᠠᠢ ᠲᠠᠨᠢᠯᠲᠠ ᠵᠢ᠎ᠨᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠪᠠ ᠬᠢᠷᠢ ᠲᠦᠪᠰᠢᠨ᠎ᠢ᠎ᠨᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠰᠢᠨ᠎ᠡ ᠪᠠᠢ᠌ᠳᠠᠯ᠎ᠢ ᠴᠢᠷᠮᠠᠢ᠌ᠨ ᠪᠣᠢ ᠪᠣᠯᠭ᠋ᠠᠬᠤ ᠶᠠᠪᠤᠳᠠᠯ ᠪᠣᠯᠣᠨ᠎ᠠ ᠭᠡᠵᠡᠢ᠃
      ᠵᠠᠩ ᠬᠤᠢ ᠢᠦᠢ ᠱᠠᠭ᠋ᠠᠷᠳᠠᠬᠤ᠎ᠳᠤ᠎ᠪᠠᠨ᠂ ᠳᠠᠷᠠᠭ᠋ᠠᠴᠢ ᠵᠢᠨ ᠠᠯᠬᠤᠮ᠎ᠤᠨ ᠠᠵᠢᠯ᠎ᠳᠤ᠎ᠪᠠᠨ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠴᠢᠩᠭ᠋ᠠᠳᠬᠠᠬᠤ ᠪᠣᠯ ᠡᠷᠬᠡᠪᠰᠢ ᠬᠢᠨᠠᠮᠠᠭ᠋ᠠᠢ ᠪᠡᠶᠡᠯᠡᠭᠦᠯᠬᠦ ᠴᠢᠬᠤᠯᠠᠲᠠᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠬᠤ ᠵᠢ ᠭᠦᠨᠵᠡᠭᠡᠢ ᠲᠠᠨᠢᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠴᠢᠩᠭ᠋ᠠᠳᠬᠠᠬᠤ ᠪᠣᠯ ᠦᠢ᠍ᠯᠡᠴᠢᠯᠡᠭᠡ ᠵᠢᠨ ᠬᠡᠯᠪᠡᠷᠢ ᠵᠢᠨ ᠵᠠᠰᠠᠭ᠎ᠤᠨ ᠣᠷᠳᠣᠨ᠎ᠢ ᠪᠠᠢ᠌ᠭᠤᠯᠬᠤ ᠵᠢᠨ ᠴᠢᠬᠤᠯᠠ ᠠᠷᠭ᠎ᠠ ᠠᠪᠴᠢᠯ ᠪᠣᠯᠬᠤ ᠵᠢ ᠭᠦᠨᠵᠡᠭᠡᠢ ᠲᠠᠨᠢᠵᠤ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠠᠵᠢᠯ᠎ᠢ ᠴᠢᠩᠭ᠋ᠠᠳᠬᠠᠬᠤ ᠪᠣᠯ ᠤᠳᠤᠷᠢᠳᠤᠯᠭ᠎ᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠨᠡᠩ ᠰᠠᠢ᠌ᠲᠤᠷ ᠦᠢ᠍ᠯᠡᠴᠢᠯᠡᠬᠦ ᠵᠢᠨ ᠲᠤᠯᠭ᠋ᠠᠮ᠎ᠠ ᠱᠠᠭ᠋ᠠᠷᠳᠠᠯᠭ᠎ᠠ ᠪᠣᠯᠬᠤ ᠵᠢ ᠭᠦᠨᠵᠡᠭᠡᠢ ᠲᠠᠨᠢᠬᠤ ᠬᠡᠷᠡᠭᠲᠡᠢ; ᠠᠵᠢᠯ᠎ᠤᠨ ᠠᠷᠭ᠎ᠠ ᠠᠪᠴᠢᠯ ᠵᠶ᠋ᠠᠨ ᠲᠡᠭᠦᠯᠳᠡᠷᠵᠢᠭᠦᠯᠦᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠨ᠂ ᠨᠡᠢ᠌ᠭᠡᠮ᠎ᠤᠨ ᠠᠩᠬᠠᠷᠤᠯ᠎ᠳᠤ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤ ᠲᠤᠰᠬᠠᠬᠤ ᠬᠡᠷᠡᠭᠲᠡᠢ; ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠥᠷᠨᠢᠭᠦᠯᠬᠦ᠎ᠳᠤ ᠬᠦᠴᠦᠨ ᠪᠦᠬᠦᠢ ᠪᠠᠲᠤᠯᠠᠭ᠎ᠠ ᠬᠠᠩᠭ᠋ᠠᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠪᠠ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠭᠦᠨ᠎ᠤ ᠤᠯᠠᠮ᠎ᠠᠴᠠ ᠠᠵᠢᠯ᠎ᠤᠨ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ ᠭᠡᠵᠡᠢ᠃
      ᠲᠤᠰ ᠤᠳᠠᠭ᠋ᠠᠨ᠎ᠤ ᠪᠣᠯᠪᠠᠰᠤᠷᠠᠯ᠎ᠤᠨ ᠭᠣᠣᠯ ᠠᠭᠤᠯᠭ᠎ᠠ ᠪᠣᠯ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠴᠢᠬᠤᠯᠠ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ 《ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》 ᠵᠢᠴᠢ 《ᠬᠡᠷᠡᠭᠵᠢᠭᠦᠯᠬᠦ ᠨᠠᠷᠢᠨ ᠳᠦᠷᠢᠮ》᠎ᠢ ᠰᠤᠷᠤᠯᠴᠠᠨ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠣᠨᠣᠯ ᠪᠠ ᠦᠢ᠍ᠯᠡᠳᠦᠯᠭᠡ ᠵᠢ ᠲᠠᠢ᠌ᠯᠪᠤᠷᠢᠯᠠᠨ ᠶᠠᠷᠢᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠪᠤᠳᠠᠯ᠎ᠢ ᠢᠯᠡ ᠪᠣᠯᠭ᠋ᠠᠬᠤ ᠠᠵᠢᠯ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ ᠪᠠ ᠬᠡᠷᠡᠭᠴᠡᠭᠡ ᠱᠠᠭ᠋ᠠᠷᠳᠠᠯᠭ᠎ᠠ᠎ᠳᠤ ᠰᠤᠳᠤᠯᠤᠯᠲᠠ ᠬᠢᠵᠦ᠂ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ᠂ ᠪᠢᠴᠢᠯ ᠪᠦᠷᠭᠡ᠂ ᠪᠢᠴᠢᠯ ᠮᠡᠳᠡᠭᠡ ᠵᠢᠴᠢ ᠤᠯᠠᠮᠵᠢᠯᠠᠯᠲᠤ ᠵᠠᠭᠤᠴᠢᠯᠠᠭᠤᠷ᠎ᠤᠨ ᠲᠠᠪᠴᠠᠩ᠎ᠤᠨ ᠪᠠᠢ᠌ᠭᠤᠯᠤᠯᠲᠠ ᠵᠢ ᠲᠠᠨᠢᠯᠴᠠᠭᠤᠯᠤᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠨᠠᠢ᠌ᠷᠠᠭᠤᠯᠤᠨ ᠮᠡᠳᠡᠭᠦᠯᠬᠦ ᠠᠷᠭ᠎ᠠ ᠬᠢᠭᠡᠳ ᠤᠷ᠎ᠠ ᠮᠡᠷᠭᠡᠵᠢᠯ ᠵᠢᠴᠢ ᠶᠡᠷᠦᠩᠬᠡᠢ᠌ᠯᠡᠭᠰᠡᠨ ᠠᠯᠪᠠᠯᠠᠬᠤ ᠲᠠᠪᠴᠠᠩ᠎ᠤᠨ ᠠᠵᠢᠯᠯᠠᠭᠤᠯᠬᠤ ᠪᠠ ᠬᠡᠷᠡᠭᠯᠡᠬᠦ ᠠᠷᠭ᠎ᠠ ᠵᠡᠷᠭᠡ ᠵᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ᠎ᠠᠴᠠ ᠢᠷᠡᠭᠰᠡᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠬᠠᠷᠢᠭᠤᠴᠠᠭᠴᠢ᠂ ᠡᠯ᠎ᠡ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠂ ᠠᠯᠪᠠᠨ ᠭᠡᠷ᠎ᠤᠨ ᠡᠷᠬᠢᠯᠡᠭᠴᠢ ᠵᠢᠴᠢ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠵᠢᠯ᠎ᠢ ᠬᠠᠷᠢᠭᠤᠴᠠᠭᠴᠢ 100 ᠰᠢᠬᠠᠮ ᠠᠵᠢᠯᠲᠠᠳ ᠲᠤᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠵᠠᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠣᠢ ᠵᠢ ᠪᠡᠯᠭᠡᠯᠡᠬᠦ ᠲᠤᠰᠬᠠᠢ ᠰᠡᠳᠦᠪᠲᠦ ᠨᠠᠮ᠎ᠤᠨ ᠬᠢᠴᠢᠶᠡᠯ᠎ᠤᠨ ᠮᠡᠳᠡᠭᠦᠯᠦᠯᠲᠡ ᠵᠢᠨ ᠶᠡᠬᠡ ᠬᠤᠷᠠᠯ᠎ᠢ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ ᠭᠣᠣᠯᠳᠠᠯᠭ᠎ᠠ᠎ᠲᠠᠢ ᠭᠠᠵᠠᠷ ᠣᠷᠣᠨ᠎ᠤ 2018 — 2019 ᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢ᠌ᠯᠡᠨ ᠵᠠᠰᠠᠬᠤ ᠰᠢᠪᠲᠤᠯᠤᠯᠲᠠ ᠵᠢᠨ ᠠᠵᠢᠯᠯᠠᠭ᠎ᠠ ᠵᠢᠨ ᠤᠬᠠᠭᠤᠯᠭ᠎ᠠ ᠵᠢᠨ ᠠᠵᠢᠯ᠎ᠤᠨ ᠳᠠᠢ᠌ᠴᠢᠯᠠᠯᠲᠠ ᠵᠢᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠣᠨ ᠵᠢᠯ᠎ᠤᠨ ᠮᠠᠭᠲᠠᠭ᠋ᠠᠯ》 ᠰᠢᠷᠢᠰ ᠦᠵᠡᠭᠦᠯᠭᠡ ᠵᠢᠨ ᠲᠣᠭᠯᠠᠯᠲᠠ᠎ᠳᠤ ᠰᠢᠨ᠎ᠡ ᠳᠦᠷᠢ ᠲᠥᠷᠬᠦ ᠵᠢ ᠢᠯᠡᠷᠡᠭᠦᠯᠪᠡ
ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ᠎ᠳᠤ ᠨᠡᠢ᠌ᠳᠡᠮ᠎ᠳᠤ᠎ᠨᠢ ᠪᠠᠢ᠌ᠴᠠᠭ᠋ᠠᠯᠲᠠ ᠬᠢᠬᠦ ᠠᠯᠪᠠᠨ ᠭᠡᠷ᠎ᠠᠴᠠ ᠪᠦᠬᠦ ᠣᠷᠣᠨ᠎ᠤ ᠨᠡᠢ᠌ᠳᠡᠮ᠎ᠳᠤ᠎ᠨᠢ ᠪᠠᠢ᠌ᠴᠠᠭ᠋ᠠᠵᠤ ᠡᠷᠦᠬᠡ᠎ᠳᠤ ᠣᠷᠣᠵᠤ ᠪᠠᠢ᠌ᠴᠠᠭ᠋ᠠᠭᠰᠠᠨ ᠲᠣᠭ᠎ᠠ ᠪᠠᠷᠢᠮᠲᠠ ᠵᠢ ᠲᠥᠪᠯᠡᠷᠡᠭᠦᠯᠵᠦ ᠬᠢᠨᠠᠨ ᠬᠠᠷᠭᠤᠭᠤᠯᠬᠤ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠣᠯᠠᠨ ᠨᠡᠢ᠌ᠲᠡ᠎ᠳᠤ ᠨᠡᠭᠡᠭᠡᠯᠲᠡ ᠬᠢᠬᠦ ᠠᠵᠢᠯᠯᠠᠭ᠎ᠠ᠎ᠨᠢ ᠠᠩᠬᠠᠳᠠᠭᠴᠢ ᠰᠠᠯᠠᠭ᠎ᠠ ᠠᠵᠤ ᠠᠬᠤᠢ᠌ᠯᠠᠯ᠎ᠤᠨ ᠪᠦᠯᠬᠦᠮ ᠨᠡᠢ᠌ᠲᠡ ᠵᠢ ᠤᠭᠲᠤᠨ ᠠᠪᠴᠤ ᠲᠣᠭᠣᠷᠢᠨ ᠦᠵᠡᠭᠦᠯᠪᠡ
 
             蒙ICP备05000248号