ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ ᠠᠵᠢᠯ ᠪᠣᠯ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠵᠢᠯ᠎ᠤᠨ 《ᠬᠠᠮᠤᠭ᠎ᠤᠨ ᠲᠦᠷᠦᠭᠦᠨᠤ ᠰᠢᠲᠠᠷ᠎ᠠ》 ᠪᠠᠢ᠌ᠵᠤ᠂ ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠲᠥᠪ᠂ ᠥᠪᠡᠷᠲᠡᠭᠡᠨ ᠵᠠᠰᠠᠬᠤ ᠣᠷᠣᠨ ᠪᠠ ᠤᠯᠠᠭ᠋ᠠᠨᠬᠠᠳᠠ ᠬᠣᠲᠠ ᠵᠢᠨ 《ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ᠂ ᠲᠠᠯᠪᠢᠬᠤ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡ᠎ᠪᠠᠨ ᠰᠢᠯᠢᠳᠡᠭᠵᠢᠭᠦᠯᠬᠦ》 ᠠᠵᠢᠯ᠎ᠤᠨ ᠲᠤᠬᠠᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠋ᠠᠨ᠎ᠳᠠᠬᠢ ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ ᠠᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠢᠯᠡᠳᠲᠡ ᠦᠷ᠎ᠡ ᠪᠦᠲᠦᠮᠵᠢ ᠣᠯᠵᠠᠢ᠃
ᠨᠢᠭᠡ᠎ᠳᠤ᠂ ᠵᠠᠰᠠᠭ ᠵᠠᠬᠢᠷᠭ᠋ᠠᠨ᠎ᠤ ᠬᠢᠨᠠᠯᠲᠠ ᠵᠥᠪᠰᠢᠶᠡᠷᠡᠯ᠎ᠤᠨ ᠪᠠᠷᠢᠮᠵᠢᠶᠠᠵᠢᠭᠤᠯᠤᠭᠰᠠᠨ ᠪᠠᠢ᠌ᠭᠤᠯᠤᠯᠲᠠ ᠵᠢ ᠴᠢᠩᠭ᠋ᠠᠳᠬᠠᠬᠤ — ᠬᠢᠨᠠᠨ ᠵᠥᠪᠰᠢᠶᠡᠷᠡᠬᠦ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠶᠡᠬᠡ ᠬᠡᠮᠵᠢᠶ᠎ᠡ᠎ᠪᠠᠷ ᠪᠣᠭᠣᠨᠢᠰᠬᠠᠪᠠ᠃ ᠬᠣᠲᠠ ᠵᠢᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠪᠦᠬᠦ ᠲᠣᠪᠴᠢᠶᠠᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰᠲᠠᠬᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠬᠢᠨᠠᠨ ᠵᠥᠪᠰᠢᠶᠡᠷᠡᠬᠦ ᠭᠣᠭᠴᠣᠭ᠎ᠠ ᠵᠢᠴᠢ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ ᠰᠢᠯᠢᠳᠡᠭᠵᠢᠭᠦᠯᠬᠦ ᠪᠠ ᠪᠣᠭᠣᠨᠢᠰᠬᠠᠪᠠ᠃ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠮᠡᠳᠡᠭᠦᠯᠦᠨ ᠵᠥᠪᠰᠢᠶᠡᠷᠡᠭᠦᠯᠬᠦ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠴᠤᠪᠤᠷᠠᠯ᠎ᠢ 9 ᠠᠯᠬᠤᠮ᠎ᠠᠴᠠ 3 ᠠᠯᠬᠤᠮ ᠪᠣᠯᠭ᠋ᠠᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ᠎ᠨᠢ 12 ᠠᠵᠢᠯᠯᠠᠬᠤ ᠡᠳᠦᠷ᠎ᠠᠴᠠ ᠪᠣᠭᠣᠨᠢᠰᠬᠠᠭ᠋ᠠᠳ 5 ᠠᠵᠢᠯᠯᠠᠬᠤ ᠡᠳᠦᠷ (ᠬᠠᠤᠯᠢ᠎ᠪᠠᠷ ᠲᠣᠭᠲᠠᠭ᠋ᠠᠭᠰᠠᠨ ᠵᠠᠷᠯᠠᠨ ᠨᠡᠢ᠌ᠲᠡᠯᠡᠬᠦ ᠬᠤᠭᠤᠴᠠᠭ᠎ᠠ ᠵᠢ ᠪᠠᠭᠲᠠᠭ᠋ᠠᠬᠤ ᠦᠭᠡᠢ) ᠪᠣᠯᠭ᠋ᠠᠵᠤ᠂ ᠭᠤᠶᠤᠴᠢᠯᠠᠬᠤ ᠮᠠᠲ᠋ᠧᠷᠢᠶᠠᠯ᠎ᠢ᠎ᠨᠢ 6 ᠵᠦᠢ᠍ᠯ᠎ᠠᠴᠠ 2 ᠵᠦᠢ᠍ᠯ ᠪᠣᠯᠭ᠋ᠠᠨ ᠪᠠᠭ᠋ᠠᠰᠬᠠᠪᠠ; ᠪᠣᠬᠢᠷᠲᠤᠯ ᠡᠳ᠋ ᠭᠠᠳᠠᠭᠰᠢᠯᠠᠭᠤᠯᠬᠤ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ 30 ᠠᠵᠢᠯᠯᠠᠬᠤ ᠡᠳᠦᠷ᠎ᠠᠴᠠ ᠪᠣᠭᠣᠨᠢᠰᠬᠠᠭ᠋ᠠᠳ 12 ᠠᠵᠢᠯᠯᠠᠬᠤ ᠡᠳᠦᠷ ᠪᠣᠯᠭ᠋ᠠᠪᠠ; ᠰᠠᠴᠤᠷᠠᠭ᠎ᠤᠨ ᠠᠮᠤᠷ ᠲᠦᠪᠰᠢᠨ᠎ᠤ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠬᠠᠤᠯᠢ᠎ᠪᠠᠷ ᠲᠣᠭᠲᠠᠭ᠋ᠠᠭᠰᠠᠨ 20 ᠠᠵᠢᠯᠯᠠᠬᠤ ᠡᠳᠦᠷ᠎ᠠᠴᠠ ᠪᠣᠭᠣᠨᠢᠰᠬᠠᠭ᠋ᠠᠳ 3 ᠠᠵᠢᠯᠯᠠᠬᠤ ᠡᠳᠦᠷ ᠪᠣᠯᠭ᠋ᠠᠪᠠ; ᠠᠶᠤᠯᠲᠠᠢ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠬᠠᠤᠯᠢ᠎ᠪᠠᠷ ᠲᠣᠭᠲᠠᠭ᠋ᠠᠭᠰᠠᠨ 20 ᠠᠵᠢᠯᠯᠠᠬᠤ ᠡᠳᠦᠷ᠎ᠠᠴᠠ ᠪᠣᠭᠣᠨᠢᠰᠬᠠᠭ᠋ᠠᠳ 7 ᠠᠵᠢᠯᠯᠠᠬᠤ ᠡᠳᠦᠷ ᠪᠣᠯᠭ᠋ᠠᠪᠠ; ᠬᠠᠶᠠᠭᠳᠠᠮᠠᠯ ᠴᠠᠬᠢᠯᠭ᠋ᠠᠨ ᠬᠡᠷᠡᠭᠰᠡᠯ ᠡᠯᠧᠺᠲᠷᠣᠨ ᠦᠢ᠍ᠯᠡᠳᠬᠦᠨ᠎ᠢ ᠰᠢᠢ᠍ᠳᠪᠦᠷᠢᠯᠡᠬᠦ ᠬᠢᠷᠢ ᠭᠡᠮ᠎ᠤᠨ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠬᠠᠤᠯᠢ᠎ᠪᠠᠷ ᠲᠣᠭᠲᠠᠭ᠋ᠠᠭᠰᠠᠨ 60 ᠠᠵᠢᠯᠯᠠᠬᠤ ᠡᠳᠦᠷ᠎ᠠᠴᠠ ᠪᠣᠭᠣᠨᠢᠰᠬᠠᠭ᠋ᠠᠳ 7 ᠠᠵᠢᠯᠯᠠᠬᠤ ᠡᠳᠦᠷ ᠪᠣᠯᠭ᠋ᠠᠵᠠᠢ᠃
ᠬᠣᠶᠠᠷ᠎ᠲᠤ᠂ ᠵᠠᠰᠠᠭ ᠵᠠᠬᠢᠷᠭ᠋ᠠᠨ᠎ᠤ ᠡᠷᠬᠡ ᠵᠢ ᠪᠦᠬᠦ ᠲᠠᠯ᠎ᠠ᠎ᠪᠠᠷ ᠴᠣᠮᠬᠠᠳᠬᠠᠬᠤ —— 《ᠲᠤᠢ᠌ᠯ᠎ᠤᠨ ᠣᠨᠣᠪᠴᠢᠲᠠᠢ᠎ᠪᠠᠷ ᠡᠷᠬᠡ ᠵᠢ ᠲᠠᠯᠪᠢᠨ᠂ ᠬᠠᠰᠤᠵᠤ ᠳᠡᠢ᠌ᠯᠬᠦ ᠵᠢ᠎ᠨᠢ ᠡᠷᠬᠡᠪᠰᠢ ᠬᠠᠰᠤᠵᠤ᠂ ᠲᠠᠯᠪᠢᠵᠤ ᠳᠡᠢ᠌ᠯᠬᠦ ᠵᠢ᠎ᠨᠢ ᠴᠢᠳᠠᠬᠤ ᠵᠢᠨ ᠴᠢᠨᠡᠭᠡ᠎ᠪᠠᠷ ᠲᠠᠯᠪᠢᠬᠤ》 ᠵᠢ ᠪᠡᠶᠡᠯᠡᠭᠦᠯᠪᠡ᠃ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢ ᠬᠢᠨᠠᠨ ᠵᠥᠪᠰᠢᠶᠡᠷᠡᠬᠦ ᠲᠠᠯ᠎ᠠ᠎ᠪᠠᠷ᠂ ᠤᠰᠤ ᠪᠠ ᠭᠠᠵᠠᠷ ᠰᠢᠷᠣᠢ ᠵᠢ ᠪᠠᠲᠤᠯᠠᠬᠤ᠂ ᠠᠵᠢᠯ ᠲᠥᠷᠥᠯ᠎ᠢ ᠤᠷᠢᠳᠴᠢᠯᠠᠨ ᠬᠢᠨᠠᠬᠤ ᠵᠡᠷᠭᠡ ᠤᠷᠢᠳᠤᠴᠢ ᠨᠥᠬᠥᠴᠡᠯ᠎ᠢ ᠪᠦᠬᠦ ᠲᠠᠯ᠎ᠠ᠎ᠪᠠᠷ ᠬᠦᠴᠦᠨ ᠦᠭᠡᠢ ᠪᠣᠯᠭ᠋ᠠᠵᠤ᠂ ᠬᠠᠤᠯᠢ᠎ᠪᠠᠷ ᠲᠣᠭᠲᠠᠭ᠋ᠠᠭᠰᠠᠨ ᠬᠠᠮᠠᠭ᠋ᠠᠯᠠᠯᠲᠠ ᠵᠢᠨ ᠣᠷᠣᠨ ᠪᠦᠰᠡᠲᠠᠢ ᠬᠣᠯᠪᠣᠭᠳᠠᠬᠤ ᠲᠥᠷᠥᠯ ᠵᠦᠢ᠍ᠯ᠎ᠢ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠲᠠᠢ ᠨᠡᠢ᠌ᠴᠡᠭᠰᠡᠨ ᠤᠷᠢᠳᠠᠯ ᠳᠣᠣᠷ᠎ᠠ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ ᠵᠶ᠋ᠠᠷ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢ ᠬᠢᠨᠠᠨ ᠵᠥᠪᠰᠢᠶᠡᠷᠡᠬᠦ ᠵᠢᠨ ᠤᠷᠢᠳᠤᠴᠢ ᠨᠥᠬᠥᠴᠡᠯ ᠪᠣᠯᠭ᠋ᠠᠬᠤ ᠦᠭᠡᠢ᠃ ᠡᠷᠬᠡ ᠵᠢ ᠲᠠᠯᠪᠢᠬᠤ ᠡᠷᠴᠢᠮ ᠵᠶ᠋ᠡᠨ ᠴᠢᠩᠭ᠋ᠠᠷᠠᠭᠤᠯᠤᠨ᠂ ᠬᠣᠲᠠ᠎ᠠᠴᠠ ᠲᠡᠮᠦᠷᠯᠢᠭ ᠮᠠᠯᠲᠠᠨ ᠪᠣᠯᠪᠠᠰᠤᠷᠠᠭᠤᠯᠬᠤ᠂ ᠡᠮ ᠡᠮᠨᠡᠯᠭᠡ ᠬᠢᠮᠢ ᠵᠢᠨ ᠠᠵᠤ ᠦᠢ᠍ᠯᠡᠳᠪᠦᠷᠢ᠂ ᠴᠠᠬᠢᠯᠭ᠋ᠠᠨ ᠬᠦᠴᠦᠨ ᠪᠠᠷᠢᠯᠭ᠎ᠠ ᠵᠢᠨ ᠮᠠᠲ᠋ᠧᠷᠢᠶᠠᠯ ᠵᠡᠷᠭᠡ 6 ᠶᠡᠬᠡ ᠲᠥᠷᠥᠯ 32 ᠪᠠᠭ᠎ᠠ ᠲᠥᠷᠥᠯ᠎ᠤᠨ ᠣᠷᠴᠢᠨ ᠲᠣᠭᠣᠷᠢᠨ᠎ᠤ ᠨᠥᠯᠥᠭᠡ ᠪᠠ ᠣᠷᠴᠢᠨ ᠲᠣᠭᠣᠷᠢᠨ᠎ᠤ ᠲᠦᠭᠰᠢᠭᠦᠷᠢ᠎ᠨᠢ ᠨᠡᠯᠢᠶᠡᠳ ᠶᠡᠬᠡ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠡᠷᠬᠡ ᠵᠢᠨ ᠬᠢᠵᠠᠭ᠋ᠠᠷ᠎ᠢ ᠪᠠᠲᠤᠯᠠᠨ ᠦᠯᠡᠳᠡᠭᠡᠬᠦ᠎ᠠᠴᠠ ᠭᠠᠳᠠᠨ᠎ᠠ᠂ ᠦᠯᠡᠳᠡᠭᠰᠡᠨ 18 ᠶᠡᠬᠡ ᠲᠥᠷᠥᠯ 210 ᠪᠠᠭ᠎ᠠ ᠲᠥᠷᠥᠯ᠎ᠤᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠡᠷᠬᠡ ᠵᠢᠨ ᠬᠢᠵᠠᠭ᠋ᠠᠷ᠎ᠢ ᠪᠦᠬᠦᠨ᠎ᠢ ᠬᠣᠰᠢᠭᠤ ᠰᠢᠶᠠᠨ ᠲᠣᠭᠣᠷᠢᠭ ᠬᠦᠷᠲᠡᠯ᠎ᠡ ᠳᠣᠷᠣᠭᠰᠢ ᠪᠠᠭᠤᠯᠭ᠋ᠠᠪᠠ᠃ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠤᠷᠢᠶᠠᠵᠤ ᠠᠪᠬᠤ ᠲᠠᠯ᠎ᠠ᠎ᠪᠠᠷ᠂ ᠬᠠᠶᠠᠭᠳᠠᠮᠠᠯ ᠤᠰᠤ᠂ ᠬᠠᠶᠠᠭᠳᠠᠮᠠᠯ ᠬᠡᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠯᠡᠳᠬᠡᠮᠵᠢ ᠵᠢ ᠰᠢᠯᠭ᠋ᠠᠨ ᠬᠤᠷᠢᠶᠠᠵᠤ ᠠᠪᠬᠤ ᠵᠢ 2019 ᠣᠨ᠎ᠤ 1 ᠳ᠋ᠦ᠍ᠭᠡᠷ ᠰᠠᠷ᠎ᠠ᠎ᠠᠴᠠ ᠬᠦᠴᠦᠨ ᠦᠭᠡᠢ ᠪᠣᠯᠭ᠋ᠠᠬᠤ᠎ᠪᠠᠷ ᠲᠥᠯᠥᠪᠯᠡᠵᠦ᠂ ᠬᠠᠲᠠᠭᠤ ᠪᠡᠶᠡᠲᠦ ᠬᠠᠶᠠᠭᠳᠠᠮᠠᠯ ᠡᠳ᠋᠂ ᠳᠠᠭᠤ ᠱᠤᠤᠭᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠬᠤᠷᠢᠶᠠᠵᠤ ᠠᠪᠬᠤ ᠵᠢ ᠬᠦᠴᠦᠨ ᠦᠭᠡᠢ ᠪᠣᠯᠭ᠋ᠠᠬᠤ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠨᠢᠭᠡᠨᠲᠡ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠩᠭᠤ ᠵᠢᠨ ᠬᠤᠷᠠᠯ ᠵᠶ᠋ᠡᠷ ᠬᠢᠨᠠᠨ ᠵᠥᠪᠯᠡᠭᠦᠯᠵᠦ ᠪᠠᠲᠤᠯᠠᠭᠤᠯᠤᠭ᠋ᠠᠳ᠂ ᠬᠠᠮᠢᠶ᠎ᠠ ᠪᠦᠬᠦᠢ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠬᠡᠷᠡᠭᠵᠢᠭᠦᠯᠬᠦ᠎ᠪᠠᠷ ᠪᠠᠢ᠌ᠨ᠎ᠠ᠃
ᠭᠤᠷᠪᠠ᠎ᠳᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ 《ᠭᠤᠷᠪᠠ ᠵᠢ ᠲᠥᠪᠯᠡᠷᠡᠭᠦᠯᠵᠦ ᠭᠤᠷᠪᠠ ᠵᠢ ᠭᠦᠢ᠍ᠴᠡᠳᠬᠡᠬᠦ》 ᠵᠢ ᠬᠡᠷᠡᠭᠵᠢᠭᠦᠯᠬᠦ —— ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠠᠷᠭ᠎ᠠ ᠬᠡᠯᠪᠡᠷᠢ ᠵᠢ ᠰᠢᠯᠢᠳᠡᠭᠵᠢᠭᠦᠯᠦᠨ᠂ ᠣᠯᠠᠨ ᠲᠦᠮᠡᠨ᠎ᠳᠤ ᠦᠢ᠍ᠯᠡᠴᠢᠯᠡᠬᠦ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠪᠡ᠃ 《ᠣᠷᠣᠭᠤᠯᠪᠠᠰᠤ ᠵᠣᠬᠢᠬᠤ ᠵᠢ᠎ᠨᠢ ᠴᠢᠳᠠᠬᠤ ᠵᠢᠨ ᠬᠢᠷᠢ᠎ᠪᠠᠷ ᠣᠷᠣᠭᠤᠯᠬᠤ》 ᠵᠠᠷᠴᠢᠮ ᠶᠣᠰᠣᠭ᠋ᠠᠷ᠂ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ᠎ᠲᠠᠢ ᠬᠠᠷᠢᠴᠠᠭᠤᠯᠵᠤ ᠪᠠᠢ᠌ᠭ᠋ᠠᠳ ᠵᠠᠰᠠᠭ ᠵᠠᠬᠢᠷᠭ᠋ᠠᠨ᠎ᠤ ᠡᠷᠬᠡ᠎ᠳᠤ ᠬᠣᠯᠪᠣᠭᠳᠠᠬᠤ ᠪᠣᠢ ᠪᠦᠬᠦᠢ ᠵᠦᠢ᠍ᠯᠡᠰ ᠬᠢᠭᠡᠳ ᠦᠢ᠍ᠯᠡᠴᠢᠯᠡᠭᠡ ᠵᠢᠨ ᠵᠦᠢ᠍ᠯᠡᠰ᠎ᠲᠤ ᠨᠢᠭᠡ ᠨᠢᠭᠡ᠎ᠪᠠᠷ ᠬᠠᠷᠢᠴᠠᠭᠤᠯᠤᠯ ᠬᠢᠵᠦ᠂ ᠠᠵᠤ ᠠᠬᠤᠢ᠌ᠯᠠᠯ ᠪᠠ ᠣᠯᠠᠨ ᠲᠦᠮᠡᠨ᠎ᠲᠠᠢ ᠨᠢᠭᠲᠠ ᠬᠣᠯᠪᠣᠭ᠎ᠠ᠎ᠲᠠᠢ ᠭᠤᠶᠤᠴᠢᠯᠠᠯ ᠶᠣᠰᠣᠭ᠋ᠠᠷ ᠭᠦᠢ᠍ᠴᠡᠳᠬᠡᠭᠰᠡᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠲᠥᠪ᠎ᠤᠨ ᠴᠣᠩᠬᠣᠪᠴᠢ᠎ᠳᠤ ᠲᠥᠪᠯᠡᠷᠡᠭᠦᠯᠦᠨ ᠭᠦᠢ᠍ᠴᠡᠳᠬᠡᠬᠦ ᠵᠦᠢ᠍ᠯᠡᠰ᠎ᠲᠤ ᠣᠷᠣᠭᠤᠯᠵᠤ᠂ ᠲᠣᠭᠲᠠᠭᠰᠠᠨ ᠴᠠᠭ᠎ᠲᠤ ᠭᠦᠢ᠍ᠴᠡᠳᠬᠡᠨ ᠳᠠᠭᠤᠰᠬᠠᠪᠠ᠃ ᠡᠭᠦᠨ᠎ᠤ ᠬᠠᠮᠲᠤ᠂ ᠬᠣᠲᠠ ᠵᠢᠨ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠶᠣᠰᠣᠭ᠋ᠠᠷ 《ᠭᠤᠷᠪᠠ ᠵᠢ ᠲᠥᠪᠯᠡᠷᠡᠭᠦᠯᠵᠦ ᠭᠤᠷᠪᠠ ᠵᠢ ᠭᠦᠢ᠍ᠴᠡᠳᠬᠡᠬᠦ》 ᠠᠵᠢᠯ᠄ 《ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠵᠢ ᠨᠢᠭᠡ ᠰᠠᠯᠠᠭ᠎ᠠ ᠲᠠᠰᠤᠭ᠎ᠲᠤ ᠲᠥᠪᠯᠡᠷᠡᠭᠦᠯᠬᠦ᠂ ᠰᠠᠯᠠᠭ᠎ᠠ ᠲᠠᠰᠤᠭ᠎ᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠲᠥᠪ᠎ᠲᠤ ᠲᠥᠪᠯᠡᠷᠡᠭᠦᠯᠬᠦ᠂ ᠪᠣᠢ ᠪᠦᠬᠦᠢ ᠬᠢᠨᠠᠨ ᠵᠥᠪᠰᠢᠶᠡᠷᠡᠬᠦ ᠵᠦᠢ᠍ᠯᠡᠰ᠎ᠢ ᠡᠯᠧᠺᠲᠷᠣᠨ ᠵᠠᠰᠠᠭ᠎ᠤᠨ ᠶᠠᠪᠤᠳᠠᠯ᠎ᠤᠨ ᠲᠠᠪᠴᠠᠩ᠎ᠳᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢᠨ ᠲᠥᠷᠥᠯ᠎ᠤᠨ ᠵᠦᠢ᠍ᠯᠡᠰ᠎ᠢ ᠵᠠᠰᠠᠭ᠎ᠤᠨ ᠶᠠᠪᠤᠳᠠᠯ᠎ᠤᠨ ᠲᠠᠩᠬᠢᠮ᠎ᠳᠤ ᠣᠷᠣᠭᠤᠯᠬᠤ ᠵᠢ ᠭᠦᠢ᠍ᠴᠡᠳᠬᠡᠬᠦ᠂ ᠬᠢᠨᠠᠨ ᠵᠥᠪᠰᠢᠶᠡᠷᠡᠬᠦ ᠡᠷᠬᠡ ᠣᠯᠭᠣᠬᠤ ᠵᠢ ᠭᠦᠢ᠍ᠴᠡᠳᠬᠡᠬᠦ᠂ ᠬᠢᠨᠠᠯᠲᠠ ᠲᠠᠯᠪᠢᠵᠤ ᠬᠢᠨᠠᠨ ᠪᠠᠢ᠌ᠴᠠᠭ᠋ᠠᠬᠤ ᠵᠢ ᠭᠦᠢ᠍ᠴᠡᠳᠬᠡᠬᠦ》 ᠵᠢ ᠲᠣᠭᠲᠠᠭᠰᠠᠨ ᠴᠠᠭ ᠶᠣᠰᠣᠭ᠋ᠠᠷ ᠪᠡᠶᠡᠯᠡᠭᠦᠯᠵᠦ᠂ ᠲᠣᠪᠴᠢᠶᠠᠨ᠎ᠤ ᠪᠠᠢ᠌ᠭᠤᠯᠭ᠎ᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ ᠪᠦᠬᠦᠢ ᠳᠣᠲᠣᠭ᠋ᠠᠳᠤ᠎ᠳᠤ᠎ᠪᠠᠨ ᠲᠣᠬᠢᠷᠠᠭᠤᠯᠤᠭᠰᠠᠨ ᠪᠠᠢ᠌ᠭᠤᠯᠤᠮᠵᠢ ᠵᠢ ᠨᠡᠢ᠌ᠯᠡᠭᠦᠯᠦᠨ ᠨᠢᠭᠡᠳᠬᠡᠵᠦ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠰᠠᠯᠠᠭ᠎ᠠ ᠬᠢᠭᠡᠳ ᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶᠠᠨ᠎ᠤ ᠴᠣᠩᠬᠣᠪᠴᠢ ᠵᠢ ᠨᠡᠢ᠌ᠯᠡᠭᠦᠯᠦᠨ᠂ ᠠᠯᠪᠠᠯᠠᠬᠤ ᠭᠠᠵᠠᠷ᠎ᠢ᠎ᠨᠢ ᠴᠣᠩᠬᠣᠪᠴᠢ ᠬᠦᠷᠲᠡᠯ᠎ᠡ ᠡᠮᠦᠨᠡᠰᠢ ᠰᠢᠯᠵᠢᠭᠦᠯᠵᠦ᠂ 《ᠨᠢᠭᠡ ᠯᠡ ᠡᠭᠦᠳᠡ᠎ᠪᠠᠷ ᠣᠷᠣᠵᠤ᠂ ᠪᠦᠬᠦ ᠶᠠᠪᠤᠴᠠ ᠵᠢᠨ ᠠᠵᠢᠯ᠎ᠢ ᠭᠦᠢ᠍ᠴᠡᠳᠬᠡᠬᠦ》 ᠵᠢ ᠪᠡᠶᠡᠯᠡᠭᠦᠯᠵᠡᠢ᠃
ᠳᠥᠷᠪᠡ᠎ᠳᠤ᠂ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠳᠦᠷᠢᠮ ᠵᠢᠴᠢ ᠵᠢᠷᠤᠮᠵᠢᠯ ᠴᠢᠨᠠᠷᠲᠠᠢ ᠪᠢᠴᠢᠭ ᠮᠠᠲ᠋ᠧᠷᠢᠶᠠᠯ᠎ᠢ ᠢᠯᠭ᠋ᠠᠨ ᠴᠡᠪᠡᠷᠯᠡᠬᠦ ᠠᠵᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ —— 《ᠨᠠᠷᠢᠨ ᠬᠠᠭᠤᠳᠠᠰᠤ᠎ᠠᠴᠠ ᠭᠠᠳᠠᠨ᠎ᠠ ᠡᠷᠬᠡ ᠦᠭᠡᠢ᠂ ᠡᠷᠬᠡ ᠪᠠᠢ᠌ᠪᠠᠴᠤ ᠳᠤᠷ᠎ᠠ᠎ᠪᠠᠷ ᠬᠡᠷᠡᠭᠯᠡᠬᠦ ᠦᠭᠡᠢ》 ᠪᠠᠢ᠌ᠬᠤ ᠵᠢ ᠭᠦᠢ᠍ᠴᠡᠳᠬᠡᠪᠡ᠃ ᠬᠦᠴᠦᠨ ᠦᠭᠡᠢ ᠪᠣᠯᠭ᠋ᠠᠵᠤ ᠳᠣᠷᠣᠭᠰᠢ ᠪᠠᠭᠤᠯᠭ᠋ᠠᠬᠤ ᠵᠢᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣ ᠳᠦᠷᠢᠮ᠎ᠳᠤ ᠵᠠᠰᠠᠪᠤᠷᠢ ᠣᠷᠣᠭᠤᠯᠤᠭᠰᠠᠨ ᠪᠠᠢ᠌ᠳᠠᠯ᠎ᠢ ᠦᠨᠳᠦᠰᠦᠯᠡᠵᠦ᠂ ᠪᠦᠬᠦ ᠲᠣᠪᠴᠢᠶᠠᠨ᠎ᠤ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠦᠷᠭᠦᠯᠵᠢᠯᠡᠨ ᠵᠢᠷᠤᠮᠵᠢᠭᠤᠯᠵᠤ ᠲᠡᠭᠦᠯᠳᠡᠷᠵᠢᠭᠦᠯᠦᠭᠰᠡᠨ᠎ᠤ ᠬᠠᠮᠲᠤ ᠬᠥᠳᠡᠯᠦᠩᠭᠦᠢ ᠬᠠᠮᠢᠶᠠᠷᠤᠯᠲᠠ ᠶᠠᠪᠤᠭᠤᠯᠵᠤ᠂ 《ᠨᠠᠷᠢᠨ ᠬᠠᠭᠤᠳᠠᠰᠤ᠎ᠠᠴᠠ ᠭᠠᠳᠠᠨ᠎ᠠ ᠡᠷᠬᠡ ᠦᠭᠡᠢ》 ᠪᠠᠢ᠌ᠬᠤ ᠵᠢ ᠭᠦᠢ᠍ᠴᠡᠳᠬᠡᠪᠡ᠃ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠢᠷᠤᠮᠵᠢᠯ ᠴᠢᠨᠠᠷᠲᠠᠢ ᠪᠢᠴᠢᠭ ᠮᠠᠲ᠋ᠧᠷᠢᠶᠠᠯ᠎ᠢ ᠢᠯᠭ᠋ᠠᠨ ᠴᠡᠪᠡᠷᠯᠡᠬᠦ ᠱᠠᠭ᠋ᠠᠷᠳᠠᠯᠭ᠎ᠠ ᠵᠢ ᠦᠨᠳᠦᠰᠦᠯᠡᠨ᠂ ᠵᠢᠯ ᠪᠦᠷᠢ ᠪᠦᠬᠦ ᠲᠣᠪᠴᠢᠶ᠎ᠠ ᠬᠢᠭᠡᠳ ᠣᠳᠣ ᠵᠢᠨ ᠬᠡᠷᠡᠭᠵᠢᠭᠦᠯᠵᠦ ᠪᠠᠢ᠌ᠭ᠎ᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠳᠦᠷᠢᠮ᠎ᠤᠨ ᠨᠢᠭᠡᠳᠦᠯ ᠦᠭᠡᠢ ᠵᠢᠷᠤᠮᠵᠢᠯ ᠴᠢᠨᠠᠷᠲᠠᠢ ᠪᠢᠴᠢᠭ ᠮᠠᠲ᠋ᠧᠷᠢᠶᠠᠯ᠎ᠢ ᠢᠯᠭ᠋ᠠᠨ ᠴᠡᠪᠡᠷᠯᠡᠭᠰᠡᠨ᠎ᠤ ᠬᠠᠮᠲᠤ᠂ ᠲᠣᠪᠴᠢᠶᠠᠨ᠎ᠤ ᠫᠤᠷᠲ᠋ᠧᠯ ᠰᠦᠯᠵᠢᠶ᠎ᠡ᠎ᠪᠠᠷ ᠨᠡᠢ᠌ᠭᠡᠮ᠎ᠳᠤ ᠵᠠᠷᠯᠠᠨ ᠨᠡᠢ᠌ᠲᠡᠯᠡᠵᠡᠢ᠃