ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2018-12-03

     2018 ᠣᠨ ᠪᠣᠯ ᠳ᠋ᠦᠩ ᠹᠧᠩ ᠰᠠᠨᠰᠠᠷ᠎ᠤᠨ ᠬᠣᠲᠠ ᠪᠠ ᠠᠭ᠋ᠠᠷ᠎ᠤᠨ ᠴᠡᠷᠢᠭ᠎ᠤᠨ ᠲᠤᠷᠰᠢᠨ ᠰᠤᠷᠭ᠋ᠠᠭᠤᠯᠢᠯᠠᠬᠤ ᠰᠠᠭᠤᠷᠢᠨ ᠭᠠᠵᠠᠷ᠎ᠤᠨ ᠪᠠᠢ᠌ᠭᠤᠯᠤᠭᠳᠠᠭᠰᠠᠨ 60 ᠵᠢᠯ᠎ᠤᠨ ᠣᠢ ᠪᠠᠢ᠌ᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠵᠶ᠋ᠠᠨ ᠰᠠᠨᠰᠠᠷ᠎ᠤᠨ ᠠᠶᠠᠯᠠᠯ᠎ᠤᠨ ᠦᠢ᠍ᠯᠡᠰ᠎ᠤᠨ ᠬᠥᠭᠵᠢᠯᠲᠡ᠂ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠋ᠠᠨ᠎ᠤ ᠰᠤᠷᠤᠯᠴᠠᠭ᠎ᠠ ᠣᠢ᠌ᠯᠠᠭ᠋ᠠᠯᠲᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ ᠵᠶ᠋ᠠᠨ ᠬᠥᠮᠥᠵᠢᠭᠦᠯᠦᠨ ᠬᠥᠲᠥᠯᠵᠦ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭ᠋ᠠᠨ᠂ ᠬᠣᠶᠠᠷ᠎ᠢ ᠬᠠᠮᠠᠭ᠋ᠠᠯᠠᠬᠤ ᠵᠢ ᠭᠦᠢ᠍ᠴᠡᠳᠬᠡᠵᠦ᠂ ᠡᠭᠦᠷᠭᠡ ᠵᠶ᠋ᠠᠨ ᠪᠡᠶᠡᠯᠡᠭᠦᠯᠵᠦ ᠠᠳᠠᠯ ᠦᠢ᠍ᠯᠡᠰ ᠴᠣᠭᠴᠠᠯᠠᠬᠤ ᠤᠷᠮ᠎ᠠ ᠵᠣᠷᠢᠭ᠎ᠢ᠎ᠨᠢ ᠬᠥᠭᠵᠢᠭᠡᠵᠦ᠂ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠬᠤ ᠵᠢᠨ ᠲᠤᠰᠠᠳᠠ᠂ 11 ᠳ᠋ᠦ᠍ᠭᠡᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠤᠨ ᠪᠠᠢ᠌ᠷᠢ᠎ᠳᠤ᠎ᠪᠠᠨ ᠪᠠᠢ᠌ᠭ᠎ᠠ ᠤᠳᠤᠷᠢᠳᠤᠯᠭ᠎ᠠ ᠨᠠᠷ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠪᠦᠬᠦ ᠨᠠᠮ᠎ᠤᠨ ᠭᠡᠰᠢᠭᠦᠨ ᠺᠠᠳ᠋ᠷ ᠵᠶ᠋ᠠᠨ ᠵᠣᠬᠢᠶᠠᠨ ᠪᠠᠢ᠌ᠭᠤᠯᠵᠤ 《ᠲᠣᠣᠷᠠᠢ ᠤᠯᠢᠶᠠᠰᠤ ᠵᠢᠨ ᠰᠦᠭ ᠰᠦᠨᠡᠰᠦ᠂ ᠰᠠᠨᠰᠠᠷ᠎ᠤᠨ ᠠᠶᠠᠯᠠᠯ᠎ᠤᠨ ᠬᠠᠢ᠌ᠷ᠎ᠠ ᠰᠡᠳᠬᠢᠯᠭᠡ᠂ ᠳᠤᠮᠳᠠᠳᠤ ᠤᠯᠤᠰ᠎ᠤᠨ ᠬᠦᠰᠡᠯ ᠵᠡᠭᠦᠳᠦ》 — ᠡᠵᠡᠨ᠎ᠡ ᠬᠣᠰᠢᠭᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠨᠰᠠᠷ᠎ᠤᠨ ᠠᠶᠠᠯᠠᠯ᠎ᠤᠨ ᠦᠢ᠍ᠯᠡᠰ᠎ᠢ ᠳᠡᠮᠵᠢᠭᠰᠡᠨ 60 ᠵᠢᠯ᠎ᠤᠨ ᠣᠢ ᠵᠢᠨ ᠭᠣᠣᠯ ᠰᠡᠳᠦᠪᠲᠦ ᠭᠡᠷᠡᠯ ᠵᠢᠷᠤᠭ᠎ᠤᠨ ᠦᠵᠡᠭᠦᠯᠭᠡ ᠵᠢ ᠰᠣᠨᠢᠷᠬᠠᠭᠤᠯᠵᠠᠢ᠃
      ᠦᠵᠡᠭᠦᠯᠭᠡ ᠵᠢ 《ᠵᠢᠦᠢ ᠶᠠᠨ᠎ᠤ ᠠᠷᠢᠭᠤᠨ ᠣᠷᠣᠨ》᠂ 《ᠤᠯᠤᠰ᠎ᠤᠨ ᠪᠠᠢ᠌ᠯᠳᠤᠬᠤ ᠪᠣᠳᠣᠯᠭ᠎ᠠ》᠂ 《ᠤᠯᠤᠰ ᠭᠡᠷ᠎ᠤᠨ ᠬᠠᠢ᠌ᠷ᠎ᠠ ᠰᠡᠳᠬᠢᠯᠭᠡ》᠂ 《ᠲᠡᠦᠬᠡ ᠵᠢᠨ ᠬᠥᠰᠢᠶ᠎ᠡ ᠳᠤᠷᠠᠰᠬᠠᠯ》᠂ 《ᠭᠦᠢ᠍ᠬᠡᠨ ᠤᠰᠤᠨ᠎ᠤ ᠭᠦᠨᠵᠡᠭᠡᠢ ᠬᠠᠢ᠌ᠷ᠎ᠠ》᠂ 《ᠵᠣᠷᠢᠭ ᠰᠠᠨᠠᠭ᠋ᠠᠨ᠎ᠤ ᠭᠡᠷᠡᠯ ᠭᠢᠯᠪᠠᠭ᠎ᠠ》᠂ 《ᠭᠡᠷᠡᠯ ᠰᠠᠴᠤᠷᠠᠩᠭᠤᠢ ᠦᠢ᠍ᠯᠡᠰ᠎ᠢ ᠳᠠᠬᠢᠨ ᠴᠣᠭᠴᠠᠯᠠᠬᠤ》 ᠳᠣᠯᠣᠭ᠋ᠠᠨ ᠪᠦᠯᠦᠭ᠎ᠲᠤ ᠬᠤᠪᠢᠶᠠᠵᠤ᠂ ᠲᠡᠦᠬᠡ ᠵᠢᠨ ᠰᠢᠵᠢᠮ ᠵᠶ᠋ᠡᠷ ᠭᠣᠣᠯ ᠱᠤᠭᠤᠮ ᠪᠣᠯᠭ᠋ᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠬᠦ᠂ ᠴᠡᠷᠢᠭ ᠠᠷᠠᠳ ᠭᠠᠷ ᠭᠠᠷ ᠵᠶ᠋ᠠᠨ ᠬᠣᠯᠪᠣᠯᠴᠠᠬᠤ᠂ ᠬᠠᠮᠲᠤ᠎ᠪᠠᠷ ᠠᠭᠤᠤ ᠦᠢ᠍ᠯᠡᠰ᠎ᠢ ᠴᠣᠭᠴᠠᠯᠠᠬᠤ ᠭᠣᠣᠯ ᠰᠡᠳᠦᠪ᠎ᠢ ᠲᠣᠪᠣᠢ᠌ᠯᠭ᠋ᠠᠵᠤ᠂ ᠬᠣᠶᠠᠷ ᠶᠡᠬᠡ ᠰᠠᠭᠤᠷᠢᠨ ᠭᠠᠵᠠᠷ᠎ᠢ ᠵᠣᠬᠢᠶᠠᠨ ᠪᠠᠢ᠌ᠭᠤᠯᠤᠭᠰᠠᠨ 60 ᠵᠢᠯ᠎ᠤᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠭᠦᠢ᠍ᠴᠡᠳ ᠦᠵᠡᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠂ ᠣᠨᠴᠠᠭ᠋ᠠᠢ᠌ᠯᠠᠨ ᠡᠵᠡᠨ᠎ᠡ ᠵᠢᠨ ᠠᠷᠠᠳ ᠲᠦᠮᠡᠨ᠎ᠤ ᠶᠡᠬᠡ ᠲᠠᠯ᠎ᠠ ᠵᠢ ᠪᠣᠳᠣᠯᠬᠢᠯᠠᠨ ᠬᠠᠷᠠᠭ᠋ᠠᠯᠵᠠᠬᠤ᠂ ᠬᠤᠪᠢ ᠨᠡᠮᠡᠷᠢ᠎ᠪᠠᠨ ᠭᠣᠶᠠᠴᠢ ᠦᠭᠡᠢ ᠬᠠᠨᠳᠢᠪᠯᠠᠬᠤ ᠵᠣᠷᠢᠭ ᠰᠠᠨᠠᠭ᠎ᠠ ᠵᠢ ᠲᠥᠪᠯᠡᠷᠡᠭᠦᠯᠦᠨ ᠲᠤᠰᠬᠠᠵᠤ᠂ ᠭᠡᠷ ᠣᠷᠣᠨ ᠵᠶ᠋ᠠᠨ ᠦᠷᠡᠭᠳᠡᠭᠦᠯᠦᠨ᠂ ᠤᠯᠤᠰ ᠣᠷᠣᠨ᠎ᠢ ᠪᠣᠳᠣᠯᠬᠢᠯᠠᠵᠤ᠂ ᠭᠡᠷ ᠣᠷᠣᠨ᠎ᠠᠴᠠ᠎ᠪᠠᠨ ᠨᠡᠭᠦᠨ ᠰᠢᠯᠵᠢᠵᠦ᠂ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠰᠠᠨᠰᠠᠷ᠎ᠤᠨ ᠠᠶᠠᠯᠠᠯ᠎ᠤᠨ ᠦᠢ᠍ᠯᠡᠰ᠎ᠢ ᠳᠡᠮᠵᠢᠭᠰᠡᠨ ᠤᠯᠤᠰ ᠭᠡᠷ᠎ᠤᠨ ᠬᠠᠢ᠌ᠷ᠎ᠠ ᠰᠡᠳᠬᠢᠯᠭᠡ᠎ᠨᠢ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠵᠤ᠂ ᠳᠤᠮᠳᠠᠳᠤ ᠤᠯᠤᠰ᠎ᠤᠨ ᠠᠭᠤᠤ ᠶᠡᠬᠡ ᠬᠦᠰᠡᠯ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ》 ᠠᠤᠭ᠎ᠠ ᠬᠦᠴᠦᠨ ᠪᠣᠯᠣᠨ ᠨᠢᠭᠲᠠᠷᠠᠵᠠᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠢᠦᠢ ᠯᠢ ᠰᠢᠨ ᠬᠥᠯᠥᠨ ᠪᠣᠢ᠌ᠷ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠭᠤᠷᠪᠠᠨ ᠵᠦᠢ᠍ᠯ᠎ᠤᠨ ᠭᠣᠣᠯᠳᠠᠯᠭ᠎ᠠ᠎ᠲᠠᠢ ᠠᠵᠢᠯ》᠎ᠢ ᠲᠣᠬᠢᠷᠠᠭᠤᠯᠬᠤ ᠦᠶ᠎ᠡ᠎ᠳᠤ ᠲᠠᠨᠢᠯᠲᠠ᠎ᠪᠠᠨ ᠳᠡᠭᠡᠭᠰᠢᠯᠡᠭᠦᠯᠦᠨ ᠪᠠᠷᠢᠮᠵᠢᠶ᠎ᠠ ᠵᠢ ᠪᠠᠷᠢᠮᠲᠠᠯᠠᠵᠤ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠦᠬᠦ ᠠᠵᠢᠯ᠎ᠤᠨ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠥᠷᠲᠡᠭᠡ ᠬᠢᠭᠡᠳ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠥᠷᠲᠡᠭᠡ ᠵᠢᠩᠬᠢᠨᠢ᠎ᠪᠠᠷ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠪᠠ
ᠬᠥᠬᠡᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠨᠡᠭᠦᠷᠡᠰᠦᠨ᠎ᠤ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠪᠠᠷᠢᠮᠵᠢᠶ᠎ᠠ᠎ᠠᠴᠠ ᠬᠡᠲᠦᠷᠡᠭᠰᠡᠨ ᠠᠵᠤ ᠠᠬᠤᠢ᠌ᠯᠠᠯ᠎ᠳᠤ ᠬᠦᠨᠳᠦ ᠴᠣᠬᠢᠯᠲᠠ ᠥᠭᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠬᠦ ᠬᠤᠷᠠᠯ ᠬᠤᠷᠠᠯᠳᠤᠭᠤᠯᠪᠠ
 
             蒙ICP备05000248号