ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2018-12-03

        ᠪᠦᠬᠦ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠠᠵᠢᠯ᠎ᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠤᠨ᠂ ᠪᠦᠬᠦ ᠣᠷᠣᠨ᠎ᠤ ᠬᠣᠲᠠ ᠬᠥᠳᠡᠭᠡ ᠵᠢᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯᠲᠠ ᠵᠢ ᠬᠠᠮᠤᠷᠤᠭᠤᠯᠬᠤ ᠵᠢ ᠪᠡᠶᠡᠯᠡᠭᠦᠯᠬᠦ ᠵᠢᠨ ᠲᠤᠰᠠᠳᠠ᠂ 2 ᠡᠳᠦᠷ᠎ᠤᠨ ᠬᠤᠭᠤᠴᠠᠭ᠎ᠠ᠎ᠲᠠᠢ ᠪᠦᠬᠦ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ 11 ᠳ᠋ᠦ᠍ᠭᠡᠷ ᠰᠠᠷ᠎ᠠ ᠵᠢᠨ 27᠎ᠤ ᠡᠳᠦᠷ ᠬᠥᠬᠡᠬᠣᠲᠠ᠎ᠳᠤ ᠡᠬᠢᠯᠡᠵᠡᠢ᠃
      ᠲᠤᠰ ᠤᠳᠠᠭ᠋ᠠᠨ᠎ᠤ ᠪᠣᠯᠪᠠᠰᠤᠷᠠᠯ᠎ᠨᠢ ᠣᠷᠴᠢᠨ ᠲᠣᠭᠣᠷᠢᠨ᠎ᠤ ᠳᠠᠭᠤ ᠱᠤᠤᠭᠢᠶᠠᠨ᠎ᠤ ᠬᠠᠮᠢᠶ᠎ᠠ ᠪᠦᠬᠦᠢ ᠪᠠᠷᠢᠮᠵᠢᠶ᠎ᠠ ᠵᠢᠴᠢ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠵᠢᠷᠤᠮᠵᠢᠯ᠎ᠳᠤ ᠲᠠᠢ᠌ᠯᠤᠮᠵᠢ ᠬᠢᠬᠦ᠂ ᠬᠣᠲᠠ ᠵᠢᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯᠲᠠ ᠵᠢᠨ ᠲᠤᠷᠰᠢᠯᠭ᠎ᠠ ᠵᠢ ᠰᠣᠯᠢᠯᠴᠠᠬᠤ᠂ ᠴᠢᠳᠠᠮᠵᠢ ᠵᠢᠨ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠠᠦ᠋ᠲ ᠵᠶ᠋ᠠᠷ ᠬᠢᠨᠠᠨ ᠬᠡᠮᠵᠢᠬᠦ᠂ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯᠲᠠ ᠵᠢᠨ ᠵᠣᠬᠢᠶᠠᠬᠤ ᠱᠠᠭ᠋ᠠᠷᠳᠠᠯᠭ᠎ᠠ ᠪᠠ GIS ᠲᠣᠭ᠎ᠠ ᠪᠠᠷᠢᠮᠲᠠ ᠵᠢᠨ ᠳᠠᠭᠤᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯᠲᠠ ᠵᠢᠨ ᠠᠵᠢᠯ᠎ᠳᠠᠬᠢ ᠬᠡᠷᠡᠭᠯᠡᠯᠲᠡ ᠵᠢᠴᠢ 2019 ᠣᠨ᠎ᠤ ᠪᠦᠬᠦ ᠣᠷᠣᠨ᠎ᠤ ᠡᠯ᠎ᠡ ᠬᠣᠰᠢᠭᠤ ᠰᠢᠶᠠᠨ᠎ᠤ ᠬᠣᠲᠠ ᠬᠥᠳᠡᠭᠡ ᠵᠢᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯᠲᠠ ᠵᠢᠴᠢ ᠴᠢᠳᠠᠮᠵᠢ ᠵᠢᠨ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠠᠦ᠋ᠲ ᠥᠷᠲᠡᠭᠡ ᠵᠢᠨ ᠪᠠᠢ᠌ᠭᠤᠯᠤᠯᠲᠠ ᠵᠢᠨ ᠠᠵᠢᠯ᠎ᠤᠨ ᠶᠠᠷᠢᠯᠴᠠᠭ᠎ᠠ ᠵᠡᠷᠭᠡ᠎ᠪᠠᠷ ᠭᠣᠣᠯ ᠠᠭᠤᠯᠭ᠎ᠠ ᠪᠣᠯᠭ᠋ᠠᠪᠠ᠃ ᠪᠦᠬᠦ ᠣᠷᠣᠨ᠎ᠤ ᠡᠯ᠎ᠡ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠂ ᠬᠣᠰᠢᠭᠤ ᠰᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠳ 200 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠢᠦᠢ ᠯᠢ ᠰᠢᠨ ᠬᠥᠯᠥᠨ ᠪᠣᠢ᠌ᠷ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠭᠤᠷᠪᠠᠨ ᠵᠦᠢ᠍ᠯ᠎ᠤᠨ ᠭᠣᠣᠯᠳᠠᠯᠭ᠎ᠠ᠎ᠲᠠᠢ ᠠᠵᠢᠯ》᠎ᠢ ᠲᠣᠬᠢᠷᠠᠭᠤᠯᠬᠤ ᠦᠶ᠎ᠡ᠎ᠳᠤ ᠲᠠᠨᠢᠯᠲᠠ᠎ᠪᠠᠨ ᠳᠡᠭᠡᠭᠰᠢᠯᠡᠭᠦᠯᠦᠨ ᠪᠠᠷᠢᠮᠵᠢᠶ᠎ᠠ ᠵᠢ ᠪᠠᠷᠢᠮᠲᠠᠯᠠᠵᠤ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠦᠬᠦ ᠠᠵᠢᠯ᠎ᠤᠨ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠥᠷᠲᠡᠭᠡ ᠬᠢᠭᠡᠳ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠥᠷᠲᠡᠭᠡ ᠵᠢᠩᠬᠢᠨᠢ᠎ᠪᠠᠷ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠪᠠ
ᠬᠥᠬᠡᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠨᠡᠭᠦᠷᠡᠰᠦᠨ᠎ᠤ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠪᠠᠷᠢᠮᠵᠢᠶ᠎ᠠ᠎ᠠᠴᠠ ᠬᠡᠲᠦᠷᠡᠭᠰᠡᠨ ᠠᠵᠤ ᠠᠬᠤᠢ᠌ᠯᠠᠯ᠎ᠳᠤ ᠬᠦᠨᠳᠦ ᠴᠣᠬᠢᠯᠲᠠ ᠥᠭᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠬᠦ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠢᠩᠬᠢᠮ᠎ᠤᠨ ᠰᠢᠰᠲ᠋ᠧᠮ᠎ᠤᠨ᠎ᠬᠢᠨ᠎ᠤ ᠨᠠᠮ᠎ᠤᠨ ᠶᠡᠷᠦᠩᠬᠡᠢ ᠡᠭᠦᠷ (ᠨᠠᠮ᠎ᠤᠨ ᠡᠭᠦᠷ)᠎ᠤᠨ ᠱᠦᠵᠢ ᠵᠢᠨ ᠨᠠᠮᠴᠢ ᠴᠢᠨᠠᠷ᠎ᠤᠨ ᠬᠥᠮᠥᠵᠢᠯ ᠪᠠ ᠴᠢᠳᠠᠪᠤᠷᠢ ᠵᠢᠨ ᠳᠡᠭᠡᠭᠰᠢᠯᠡᠯᠲᠡ ᠵᠢᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
 
             蒙ICP备05000248号