ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠵᠣᠪᠠᠨᠢᠬᠤᠢ ᠦᠵᠡᠯ ᠤᠬᠠᠮᠰᠠᠷ ᠵᠶ᠋ᠠᠨ ᠴᠢᠩᠭ᠋ᠠᠳᠬᠠᠨ᠂ ᠲᠦᠭᠰᠢᠭᠦᠷᠢ ᠵᠢᠨ ᠥᠷᠢᠰᠦᠯᠳᠦᠭᠡᠨ᠎ᠢ ᠰᠡᠷᠭᠡᠢ᠌ᠯᠡᠬᠦ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠣᠢ᠌ᠯᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠥᠪᠯᠡᠯ᠎ᠤᠨ ᠱᠠᠭ᠋ᠠᠷᠳᠠᠯᠭ᠎ᠠ ᠶᠣᠰᠣᠭ᠋ᠠᠷ᠂ 12 ᠳ᠋ᠤᠭ᠋ᠠᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ᠎ᠢ ᠬᠤᠷᠠᠯᠳᠤᠭᠤᠯᠵᠠᠢ᠃
ᠬᠤᠷᠠᠯ᠎ᠨᠢ 《ᠵᠣᠪᠠᠨᠢᠬᠤᠢ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠲᠦᠭᠰᠢᠭᠦᠷᠢ ᠵᠢᠨ ᠥᠷᠢᠰᠦᠯᠳᠦᠭᠡᠨ᠎ᠢ ᠰᠡᠷᠭᠡᠢ᠌ᠯᠡᠶᠡ》 ᠭᠡᠬᠦ ᠭᠣᠣᠯ ᠰᠡᠳᠦᠪ᠎ᠤᠨ ᠲᠣᠭᠣᠷᠢᠨ᠎ᠳᠤ᠂ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠤᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠬᠥᠭᠵᠢᠯᠲᠡ᠎ᠳᠤ ᠲᠤᠯᠭ᠋ᠠᠷᠠᠭᠰᠠᠨ ᠲᠦᠭᠰᠢᠭᠦᠷᠢ ᠵᠢᠨ ᠥᠷᠢᠰᠦᠯᠳᠦᠭᠡᠨ᠂ ᠠᠵᠢᠯ᠎ᠤᠨ ᠳᠤᠮᠳᠠ ᠣᠷᠣᠰᠢᠵᠤ ᠮᠡᠳᠡᠬᠦ ᠳᠠᠯᠳᠠ ᠭᠡᠮ᠎ᠤᠨ ᠠᠰᠠᠭᠤᠳᠠᠯ᠎ᠳᠤ ᠭᠣᠣᠯᠳᠠᠯᠭ᠎ᠠ᠎ᠲᠠᠢ ᠴᠢᠭᠯᠡᠭᠦᠯᠵᠦ᠂ ᠡᠰᠡᠬᠦᠯ᠎ᠡ 《ᠤᠯᠤᠰ ᠲᠥᠷᠥ ᠬᠢᠭᠡᠳ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠤ ᠲᠦᠭᠰᠢᠭᠦᠷᠢ》᠂ 《ᠠᠵᠤ ᠠᠬᠤᠢ ᠵᠢᠨ ᠬᠥᠭᠵᠢᠯᠲᠡ ᠵᠢᠨ ᠲᠦᠭᠰᠢᠭᠦᠷᠢ》᠂ 《ᠪᠠᠢ᠌ᠯᠳᠤᠬᠤ ᠪᠣᠳᠣᠯᠭ᠎ᠠ ᠵᠢᠨ ᠠᠮᠤᠷ ᠲᠦᠪᠰᠢᠨ᠎ᠤ ᠲᠦᠭᠰᠢᠭᠦᠷᠢ》᠂ 《ᠡᠷᠬᠡ ᠮᠡᠳᠡᠯ ᠬᠢᠭᠡᠳ ᠡᠷᠭᠢᠨ ᠲᠣᠭᠣᠷᠢᠨ᠎ᠤ ᠠᠮᠤᠷ ᠲᠦᠪᠰᠢᠨ᠎ᠤ ᠲᠦᠭᠰᠢᠭᠦᠷᠢ》᠂ 《ᠨᠡᠢ᠌ᠭᠡᠮ᠎ᠤᠨ ᠠᠮᠤᠷ ᠲᠣᠭᠲᠠᠭᠤᠨ᠎ᠤ ᠲᠦᠭᠰᠢᠭᠦᠷᠢ》᠂ 《ᠰᠦᠯᠵᠢᠶᠡᠨ᠎ᠤ ᠠᠮᠤᠷ ᠲᠦᠪᠰᠢᠨ᠎ᠤ ᠲᠦᠭᠰᠢᠭᠦᠷᠢ》 ᠵᠡᠷᠭᠡ ᠬᠦᠷᠢᠶ᠎ᠡ ᠴᠠᠷᠠᠭ᠎ᠠ᠎ᠳᠤ ᠴᠢᠭᠯᠡᠭᠦᠯᠵᠦ᠂ ᠭᠦᠨᠵᠡᠭᠡᠢ ᠶᠠᠷᠢᠯᠴᠠᠨ ᠰᠣᠯᠢᠯᠴᠠᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠶᠠᠷᠢᠶ᠎ᠠ ᠲᠠᠯᠪᠢᠵᠤ ᠵᠢᠭ᠋ᠠᠬᠤ᠎ᠳᠤ᠎ᠪᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯᠯᠠᠭᠴᠢ ᠪᠣᠯᠣᠭᠰᠠᠨ᠎ᠤ ᠬᠤᠪᠢ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶ᠎ᠡ ᠴᠠᠷᠠᠭ᠋ᠠᠨ᠎ᠳᠠᠬᠢ ᠲᠦᠭᠰᠢᠭᠦᠷᠢ ᠵᠢᠨ ᠥᠷᠢᠰᠦᠯᠳᠦᠭᠡᠨ᠎ᠢ ᠰᠡᠷᠭᠡᠢ᠌ᠯᠡᠬᠦ ᠪᠣᠯ ᠮᠠᠨ᠎ᠤ ᠡᠷᠬᠡᠪᠰᠢ ᠡᠭᠦᠷᠭᠡᠯᠡᠬᠦ ᠤᠯᠤᠰ ᠲᠥᠷᠥ ᠵᠢᠨ ᠡᠭᠦᠷᠭᠡ ᠪᠠ ᠡᠷᠬᠢᠮ ᠳᠡᠭᠡᠳᠦ ᠬᠠᠷᠢᠭᠤᠴᠠᠯᠭ᠎ᠠ ᠪᠣᠯᠣᠨ᠎ᠠ᠃ ᠪᠢᠳᠡ ᠡᠷᠬᠡᠪᠰᠢ 《ᠳᠥᠷᠪᠡᠨ ᠵᠦᠢ᠍ᠯ᠎ᠤᠨ ᠦᠵᠡᠯ ᠤᠬᠠᠮᠰᠠᠷ》 ᠵᠶ᠋ᠠᠨ ᠴᠢᠩᠭ᠋ᠠᠷᠠᠭᠤᠯᠤᠨ᠂ 《ᠳᠥᠷᠪᠡᠨ ᠲᠠᠯ᠎ᠠ ᠵᠢᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠥᠨᠳᠥᠷᠴᠡ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠵᠣᠪᠠᠨᠢᠬᠤᠢ ᠦᠵᠡᠯ ᠤᠬᠠᠮᠰᠠᠷ ᠵᠶ᠋ᠠᠨ ᠴᠢᠩᠭ᠋ᠠᠷᠠᠭᠤᠯᠤᠨ᠂ ᠲᠦᠭᠰᠢᠭᠦᠷᠢ ᠵᠢᠨ ᠥᠷᠢᠰᠦᠯᠳᠦᠭᠡᠨ᠎ᠢ ᠰᠡᠷᠭᠡᠢ᠌ᠯᠡᠬᠦ ᠲᠤᠬᠠᠢ ᠴᠢᠬᠤᠯᠠ ᠥᠭᠦᠯᠡᠯᠲᠡ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠢ᠌ᠯᠳᠤᠬᠤ ᠪᠣᠳᠣᠯᠭ᠎ᠠ ᠵᠢᠨ ᠪᠠᠲᠤ ᠬᠦᠴᠦᠨ᠎ᠢ ᠪᠠᠲᠤᠯᠠᠵᠤ᠂ ᠲᠦᠭᠰᠢᠭᠦᠷᠢ ᠵᠢᠨ ᠥᠷᠢᠰᠦᠯᠳᠦᠭᠡᠨ᠎ᠢ ᠰᠡᠷᠭᠡᠢ᠌ᠯᠡᠬᠦ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮᠳᠠᠭᠤ ᠰᠡᠳᠬᠢᠯᠭᠡ᠎ᠪᠠᠨ ᠴᠢᠩᠭ᠋ᠠᠷᠠᠭᠤᠯᠵᠤ᠂ ᠡᠯ᠎ᠡ ᠵᠦᠢ᠍ᠯ᠎ᠤᠨ ᠠᠵᠢᠯ᠎ᠢ ᠴᠢᠩᠭ᠎ᠠ ᠪᠦᠭᠡᠳ ᠪᠣᠳᠠᠲᠠᠢ᠎ᠪᠠᠷ ᠰᠠᠢ᠌ᠲᠤᠷ ᠬᠢᠬᠦ ᠬᠡᠷᠡᠭᠲᠡᠢ ᠭᠡᠵᠡᠢ᠃
ᠰᠢᠶᠠᠩ ᠳ᠋ᠦᠩ ᠱᠠᠭ᠋ᠠᠷᠳᠠᠬᠤ᠎ᠳᠤ᠎ᠪᠠᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠢᠯᠠᠯᠲᠠ ᠣᠯᠬᠤ᠎ᠪᠠᠷ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶ᠎ᠡ ᠴᠠᠷᠠᠭ᠋ᠠᠨ᠎ᠳᠠᠬᠢ ᠲᠦᠭᠰᠢᠭᠦᠷᠢ ᠵᠢ ᠰᠡᠷᠭᠡᠢ᠌ᠯᠡᠬᠦ ᠭᠣᠣᠯ ᠳᠠᠢ᠌ᠨ᠎ᠤ ᠲᠠᠯᠠᠪᠤᠷ ᠪᠣᠯᠭ᠋ᠠᠬᠤ ᠬᠡᠷᠡᠭᠲᠡᠢ; ᠲᠥᠪ᠎ᠤᠨ ᠣᠷᠴᠢᠨ ᠲᠣᠭᠣᠷᠢᠨ᠎ᠤ ᠰᠢᠮᠳᠠᠭᠤᠯᠤᠨ ᠪᠠᠢ᠌ᠴᠠᠭ᠋ᠠᠯᠲᠠ ᠵᠢᠴᠢ 《ᠡᠷᠭᠢᠵᠦ ᠪᠤᠴᠠᠵᠤ ᠦᠵᠡᠬᠦ》᠎ᠳᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠥᠭᠡᠷᠡᠴᠢᠯᠡᠬᠦ ᠵᠢ ᠲᠦᠷᠭᠡᠳᠬᠡᠨ᠂ ᠲᠥᠪ᠎ᠤᠨ ᠣᠷᠴᠢᠨ ᠲᠣᠭᠣᠷᠢᠨ᠎ᠤ ᠰᠢᠮᠳᠠᠭᠤᠯᠤᠨ ᠪᠠᠢ᠌ᠴᠠᠭ᠋ᠠᠯᠲᠠ ᠵᠢᠴᠢ 《ᠡᠷᠭᠢᠵᠦ ᠪᠤᠴᠠᠵᠤ ᠦᠵᠡᠬᠦ》᠎ᠳᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ᠎ᠪᠠᠷ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶ᠎ᠡ ᠴᠠᠷᠠᠭ᠋ᠠᠨ᠎ᠳᠠᠬᠢ ᠲᠦᠭᠰᠢᠭᠦᠷᠢ ᠵᠢ ᠰᠡᠷᠭᠡᠢ᠌ᠯᠡᠬᠦ ᠴᠢᠩᠭ᠎ᠠ ᠠᠷᠭ᠎ᠠ ᠬᠡᠮᠵᠢᠶ᠎ᠡ ᠪᠣᠯᠭ᠋ᠠᠬᠤ ᠬᠡᠷᠡᠭᠲᠡᠢ; ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠤᠨ ᠪᠠᠢ᠌ᠭᠤᠯᠤᠯᠲᠠ ᠵᠢ ᠴᠢᠩᠭ᠋ᠠᠷᠠᠭᠤᠯᠤᠨ᠂ ᠣᠷᠣᠨ ᠨᠤᠲᠤᠭ᠎ᠤᠨ ᠴᠢᠨᠠᠷᠲᠠᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠪᠠᠢ᠌ᠭᠤᠯᠤᠨ ᠪᠦᠷᠢᠨᠰᠢᠭᠦᠯᠬᠦ᠎ᠪᠠᠷ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶ᠎ᠡ ᠴᠠᠷᠠᠭ᠋ᠠᠨ᠎ᠳᠠᠬᠢ ᠲᠦᠭᠰᠢᠭᠦᠷᠢ ᠵᠢ ᠰᠡᠷᠭᠡᠢ᠌ᠯᠡᠬᠦ ᠴᠢᠬᠤᠯᠠ ᠪᠠᠲᠤᠯᠠᠭ᠎ᠠ ᠪᠣᠯᠭ᠋ᠠᠬᠤ ᠬᠡᠷᠡᠭᠲᠡᠢ᠃ ᠡᠭᠦᠨ᠎ᠤ ᠬᠠᠮᠲᠤ᠂ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠡᠷᠴᠢᠮ᠎ᠢ ᠴᠢᠩᠭ᠋ᠠᠷᠠᠭᠤᠯᠤᠨ᠂ ᠪᠦᠬᠦ ᠨᠡᠢ᠌ᠭᠡᠮ ᠵᠶ᠋ᠡᠷ ᠵᠶ᠋ᠡᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠣᠢ᠌ᠯᠠᠭ᠋ᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠳᠡᠮᠵᠢᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠣᠷᠣᠯᠴᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠬᠤ ᠬᠡᠷᠡᠭᠲᠡᠢ᠃ ᠬᠠᠮᠢᠶ᠎ᠠ ᠪᠦᠬᠦᠢ ᠬᠠᠷᠢᠭᠤᠴᠠᠯᠭ᠋ᠠᠲᠠᠳ ᠥᠪᠡᠷ ᠵᠶ᠋ᠡᠨ ᠬᠡᠪ ᠳᠠᠭᠤᠷᠢᠶᠠᠯ ᠪᠣᠯᠵᠤ᠂ ᠲᠦᠷᠦᠭᠦᠯᠡᠨ ᠥᠯᠢᠭᠡᠷ ᠵᠢᠱ᠌ᠢᠶ᠎ᠡ ᠦᠵᠡᠭᠦᠯᠵᠦ᠂ ᠤᠷᠢᠳ ᠵᠶ᠋ᠠᠷ ᠨᠢᠭᠡ ᠠᠯᠬᠤᠮ ᠲᠦᠭᠰᠢᠭᠦᠷᠢ ᠵᠢ ᠵᠢᠱ᠌ᠢᠨ ᠮᠠᠭ᠋ᠠᠳᠯᠠᠵᠤ᠂ ᠤᠷᠢᠳ ᠵᠶ᠋ᠠᠷ ᠨᠢᠭᠡ ᠠᠯᠬᠤᠮ ᠳᠣᠬᠢᠶᠠᠯ᠎ᠢ ᠠᠮᠵᠢᠨ ᠠᠳᠬᠤᠵᠤ᠂ ᠤᠷᠢᠳ ᠵᠶ᠋ᠠᠷ ᠨᠢᠭᠡ ᠠᠯᠬᠤᠮ ᠪᠠᠢ᠌ᠷᠢᠯᠠᠭᠤᠯᠤᠨ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠨᠠᠢ᠌ᠳᠠᠪᠤᠷᠢᠵᠢᠭᠤᠯᠤᠭᠰᠠᠨ᠎ᠨᠢ ᠬᠦᠴᠦᠨ᠎ᠲᠠᠢ ᠪᠠᠢ᠌ᠬᠤ ᠵᠢ ᠪᠠᠲᠤᠯᠠᠨ᠂ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠠᠮᠤᠷ ᠲᠦᠪᠰᠢᠨ᠎ᠤ ᠶᠡᠬᠡ ᠲᠠᠯ᠎ᠠ ᠵᠢ ᠦᠨᠡᠨ ᠬᠦ᠌ ᠬᠠᠮᠠᠭ᠋ᠠᠯᠠᠬᠤ ᠬᠡᠷᠡᠭᠲᠡᠢ ᠭᠡᠵᠡᠢ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠬᠤᠤ ᠴᠢᠩ ᠸᠧᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠮᠦᠸᠧ ᠰᠢᠶᠣᠤ ᠯᠢᠶᠠᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠵᠢᠴᠢ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠳ ᠶᠠᠷᠢᠯᠴᠠᠨ ᠰᠣᠯᠢᠯᠴᠠᠬᠤ ᠦᠭᠡ ᠶᠠᠷᠢᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃