2019 ᠣᠨ᠎ᠳᠤ᠂ ᠲᠦᠩᠯᠢᠶᠣᠣ ᠬᠣᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ᠎ᠠᠴᠠ᠎ᠪᠠᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠬᠦ ᠵᠢ ᠪᠠᠲᠤᠳᠬᠠᠨ᠂ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠬᠤ᠂ ᠡᠬᠢ ᠢᠷᠡᠯᠲᠡ᠎ᠠᠴᠠ᠎ᠨᠢ ᠰᠡᠷᠭᠡᠢ᠌ᠯᠡᠨ ᠡᠵᠡᠮᠳᠡᠬᠦ ᠵᠢ ᠪᠠᠷᠢᠮᠲᠠᠯᠠᠬᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠬᠤ ᠳᠥᠷᠪᠡᠨ ᠲᠠᠯ᠎ᠠ ᠵᠢᠨ ᠠᠵᠢᠯ᠎ᠢ ᠪᠦᠬᠦ ᠲᠠᠯ᠎ᠠ᠎ᠪᠠᠷ ᠰᠠᠢ᠌ᠲᠤᠷ ᠬᠢᠵᠦ᠂ ᠪᠣᠬᠢᠷᠲᠤᠯ ᠦᠭᠡᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ ᠪᠠᠢ᠌ᠨ᠎ᠠ᠃
ᠨᠢᠭᠡ᠎ᠳᠤ᠂ 《ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ》 ᠠᠵᠢᠯ᠎ᠢ ᠰᠠᠢ᠌ᠲᠤᠷ ᠬᠢᠵᠦ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠪᠠᠲᠤᠯᠠᠭ᠎ᠠ ᠵᠢ ᠴᠢᠩᠭ᠋ᠠᠷᠠᠭᠤᠯᠪᠠ᠃ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠴᠢ 《ᠡᠭᠴᠡ ᠴᠢᠭᠯᠡᠯ ᠵᠶ᠋ᠡᠷ ᠥᠭᠡᠷᠡᠴᠢᠯᠡᠯᠲᠡ ᠬᠢᠬᠦ》 ᠠᠵᠢᠯ᠎ᠢ ᠪᠠᠲᠤᠳᠬᠠᠨ ᠲᠡᠭᠦᠯᠳᠡᠷᠵᠢᠭᠦᠯᠬᠦ ᠵᠢ ᠲᠦᠷᠭᠡᠳᠬᠡᠨ᠂ ᠥᠭᠡᠷᠡᠴᠢᠯᠡᠯᠲᠡ ᠵᠢᠨ ᠦᠷ᠎ᠡ ᠪᠦᠲᠦᠭᠡᠯ ᠵᠶ᠋ᠡᠷ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠤᠬᠠᠮᠰᠠᠷᠲᠤ ᠴᠢᠨᠠᠷ ᠪᠠ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠷᠠᠭᠤᠯᠬᠤ ᠵᠢ ᠠᠬᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠡᠷᠡᠰ ᠵᠣᠷᠢᠭ ᠪᠠ ᠬᠠᠷᠢᠭᠤᠴᠠᠯᠭ᠎ᠠ ᠵᠢ ᠪᠠᠲᠤᠳᠬᠠᠵᠤ᠂ ᠡᠷᠡᠰ ᠰᠢᠭᠤᠷᠬᠠᠢ ᠵᠣᠷᠢᠭ ᠵᠶ᠋ᠠᠷ ᠠᠮᠢ ᠠᠬᠤᠢ ᠵᠢᠨ ᠣᠷᠴᠢᠨ ᠲᠣᠭᠣᠷᠢᠨ᠎ᠢ ᠨᠡᠩ ᠴᠢᠩᠭ᠎ᠠ ᠴᠡᠭᠴᠡᠯᠡᠨ ᠵᠠᠰᠠᠵᠤ᠂ ᠦᠨᠡᠨ ᠪᠣᠳᠠᠲᠠᠢ ᠠᠵᠢᠯ᠎ᠤᠨ ᠣᠪᠣᠷ ᠰᠤᠷᠲᠠᠯ ᠵᠶ᠋ᠠᠷ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠡᠭᠦᠷᠭᠡ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠢ ᠨᠠᠢ᠌ᠳᠠᠪᠤᠷᠢᠵᠢᠭᠤᠯᠤᠨ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠪᠠᠲᠤᠯᠠᠪᠠ᠃ ᠬᠤᠤᠯᠢᠨ ᠭᠣᠣᠯ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠠ ᠲᠦᠩᠯᠢᠶᠣᠣ ᠵᠢᠨ ᠠᠵᠤ ᠠᠬᠤᠢ ᠮᠡᠷᠭᠡᠵᠢᠯ᠎ᠤᠨ ᠨᠡᠭᠡᠭᠡᠨ ᠬᠥᠭᠵᠢᠭᠦᠯᠬᠦ ᠲᠣᠭᠣᠷᠢᠭ᠎ᠤᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠥᠯᠥᠪᠵᠢᠭᠦᠯᠭᠡ ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠠᠵᠢᠯ᠎ᠢ ᠲᠦᠷᠭᠡᠳᠬᠡᠨ ᠠᠬᠢᠭᠤᠯᠵᠤ᠂ 2019 ᠣᠨ᠎ᠤ 1 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠰᠠᠨᠠᠯ᠎ᠢ ᠣᠯᠬᠤ᠎ᠪᠠᠷ ᠴᠢᠷᠮᠠᠢ᠌ᠵᠤ ᠪᠠᠢ᠌ᠨ᠎ᠠ᠃
ᠬᠣᠶᠠᠷ᠎ᠲᠤ᠂ 《ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠬᠤ》 ᠠᠵᠢᠯ᠎ᠢ ᠰᠠᠢ᠌ᠲᠤᠷ ᠬᠢᠵᠦ᠂ ᠴᠡᠭᠴᠡᠯᠡᠨ ᠥᠭᠡᠷᠡᠴᠢᠯᠡᠵᠦ ᠪᠣᠳᠠᠲᠤ ᠦᠷ᠎ᠡ ᠪᠦᠲᠦᠮᠵᠢ ᠣᠯᠬᠤ ᠵᠢ ᠢᠮᠠᠭᠲᠠ ᠪᠠᠲᠤᠯᠠᠪᠠ᠃ ᠲᠥᠪ᠎ᠤᠨ ᠣᠷᠴᠢᠨ ᠲᠣᠭᠣᠷᠢᠨ᠎ᠤ ᠰᠢᠮᠳᠠᠭᠤᠯᠤᠨ ᠪᠠᠢ᠌ᠴᠠᠭ᠋ᠠᠯᠲᠠ ᠵᠢᠴᠢ 《ᠡᠷᠭᠢᠨ ᠪᠤᠴᠠᠵᠤ ᠦᠵᠡᠬᠦ》 ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠪᠠᠢ᠌ᠴᠠᠭ᠋ᠠᠯᠲᠠ᠎ᠳᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠠᠵᠢᠯ ᠵᠶ᠋ᠠᠷ ᠦᠷᠭᠦᠯᠵᠢᠯᠡᠨ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠪᠠ ᠡᠭᠦᠷᠭᠡ ᠪᠣᠯᠭ᠋ᠠᠵᠤ᠂ ᠨᠢᠭᠡᠨᠲᠡ ᠲᠣᠭᠲᠠᠭ᠋ᠠᠭᠰᠠᠨ ᠴᠡᠭᠴᠡᠯᠡᠨ ᠥᠭᠡᠷᠡᠴᠢᠯᠡᠬᠦ ᠲᠥᠰᠥᠯ᠎ᠢ ᠴᠢᠩᠭ᠎ᠠ ᠵᠢᠷᠤᠮᠯᠠᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡ ᠬᠠᠷᠢᠭᠤᠴᠠᠯᠭ᠎ᠠ ᠪᠠ ᠡᠭᠦᠷᠭᠡ ᠲᠤᠰᠢᠶᠠᠯ ᠵᠶ᠋ᠠᠨ ᠭᠦᠢ᠍ᠴᠡᠳ ᠪᠠᠳᠠᠷᠠᠭᠤᠯᠵᠤ᠂ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠤᠨ ᠴᠢᠩᠭ᠋ᠠᠳᠬᠠᠵᠤ᠂ ᠴᠡᠭᠴᠡᠯᠡᠨ ᠥᠭᠡᠷᠡᠴᠢᠯᠡᠬᠦ ᠴᠠᠭ ᠬᠤᠭᠤᠴᠠᠭ᠎ᠠ ᠵᠢ ᠴᠢᠩᠭ᠎ᠠ ᠡᠵᠡᠮᠳᠡᠨ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ᠂ ᠴᠡᠭᠴᠡᠯᠡᠨ ᠥᠭᠡᠷᠡᠴᠢᠯᠡᠬᠦ ᠠᠬᠢᠴᠠ᠎ᠪᠠᠨ ᠲᠦᠷᠭᠡᠳᠬᠡᠪᠡ᠃ ᠨᠢᠭᠡᠨᠲᠡ ᠪᠡᠶᠡᠯᠡᠭᠦᠯᠦᠭᠰᠡᠨ ᠡᠭᠦᠷᠭᠡ᠎ᠪᠠᠨ ᠪᠠᠲᠤᠳᠬᠠᠨ ᠳᠡᠭᠡᠭᠰᠢᠯᠡᠭᠦᠯᠵᠦ᠂ ᠳᠠᠬᠢᠨ ᠡᠭᠦᠰᠬᠦ᠎ᠠᠴᠠ ᠰᠡᠷᠭᠡᠢ᠌ᠯᠡᠪᠡ; ᠴᠡᠭᠴᠡᠯᠡᠨ ᠥᠭᠡᠷᠡᠴᠢᠯᠡᠬᠦ ᠡᠭᠦᠷᠭᠡ᠎ᠳᠤ᠂ ᠱᠠᠲᠤᠴᠢ ᠴᠢᠨᠠᠷᠲᠠᠢ ᠬᠠᠷᠠᠯᠲᠠ ᠵᠢᠨ ᠰᠢᠯᠭ᠋ᠠᠨ ᠬᠢᠨᠠᠵᠤ ᠦᠨᠡᠯᠡᠨ ᠵᠢᠱ᠌ᠢᠬᠦ ᠪᠠ ᠦᠷ᠎ᠡ ᠪᠦᠲᠦᠮᠵᠢ ᠣᠯᠬᠤ ᠵᠢ ᠦᠷᠭᠦᠯᠵᠢᠯᠡᠨ ᠮᠥᠷᠳᠡᠨ ᠨᠡᠬᠡᠮᠵᠢᠯᠡᠪᠡ; ᠴᠡᠭᠴᠡᠯᠡᠨ ᠥᠭᠡᠷᠡᠴᠢᠯᠡᠭᠰᠡᠨ ᠵᠶ᠋ᠡᠷ ᠬᠦᠴᠦᠨ ᠦᠭᠡᠢ᠂ ᠠᠬᠢᠯᠲᠠ᠎ᠨᠢ ᠤᠳᠠᠭ᠋ᠠᠨ ᠪᠣᠯ ᠴᠠᠭ ᠲᠤᠬᠠᠢᠳᠤᠨᠢ ᠰᠠᠨᠠᠭᠤᠯᠭ᠎ᠠ ᠭᠠᠷᠭ᠋ᠠᠨ ᠬᠠᠷᠢᠭᠤᠴᠠᠯᠭ᠎ᠠ ᠨᠡᠬᠡᠮᠵᠢᠯᠡᠵᠦ ᠰᠢᠮᠳᠠᠭᠤᠯᠤᠨ ᠭᠦᠢ᠍ᠴᠡᠳᠬᠡᠯᠭᠡᠵᠡᠢ᠃
ᠭᠤᠷᠪᠠ᠎ᠳᠤ᠂ 《ᠡᠬᠢ ᠢᠷᠡᠯᠲᠡ᠎ᠠᠴᠠ᠎ᠨᠢ ᠴᠢᠩᠭ᠎ᠠ ᠰᠡᠷᠭᠡᠢ᠌ᠯᠡᠬᠦ ᠵᠢ ᠪᠠᠷᠢᠮᠲᠠᠯᠠᠬᠤ》 ᠠᠵᠢᠯ᠎ᠢ ᠰᠠᠢ᠌ᠲᠤᠷ ᠬᠢᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠪᠡ᠃ ᠬᠣᠴᠣᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠡᠷᠡᠰ ᠲᠠᠶᠠᠭᠳᠠᠭᠤᠯᠤᠨ᠂ ᠰᠢᠨ᠎ᠡ᠎ᠪᠠᠷ ᠣᠷᠣᠭᠤᠯᠬᠤ ᠲᠥᠷᠥᠯ ᠵᠦᠢ᠍ᠯ᠎ᠤᠨ ᠪᠣᠭᠣᠮᠲᠠ ᠵᠢ ᠴᠢᠩᠭ᠎ᠠ ᠡᠵᠡᠮᠳᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠡᠳᠡᠷᠭᠡᠨ ᠰᠢᠬᠠᠮᠳᠠᠭᠤᠯᠬᠤ ᠲᠣᠭᠲᠠᠴᠠ ᠵᠢ ᠢᠳᠡᠪᠬᠢᠲᠡᠢ ᠬᠡᠷᠡᠭᠯᠡᠵᠦ᠂ ᠪᠣᠬᠢᠷᠲᠤᠯ ᠦᠭᠡᠢ ᠬᠥᠭᠵᠢᠯᠲᠡ ᠵᠢᠨ ᠠᠷᠭ᠎ᠠ ᠬᠡᠯᠪᠡᠷᠢ ᠵᠢ ᠲᠦᠷᠭᠡᠳᠬᠡᠨ ᠪᠦᠷᠢᠯᠳᠦᠭᠦᠯᠬᠦ ᠵᠢ ᠠᠬᠢᠭᠤᠯᠪᠠ᠃ 《ᠴᠡᠩᠬᠡᠷ ᠣᠭᠲᠠᠷᠭᠤᠢ᠂ ᠲᠤᠩᠭ᠋ᠠᠯᠠᠭ ᠤᠰᠤ᠂ ᠠᠷᠢᠭᠤᠨ ᠬᠥᠷᠥᠰᠥ》 ᠭᠤᠷᠪᠠᠨ ᠶᠡᠬᠡ ᠠᠵᠢᠯᠯᠠᠭ᠎ᠠ ᠵᠢ ᠶᠡᠬᠡ ᠬᠦᠴᠦᠨ ᠵᠶ᠋ᠡᠷ ᠥᠷᠨᠢᠭᠦᠯᠦᠨ᠂ ᠴᠠᠬᠢᠯᠭ᠋ᠠᠨ ᠵᠠᠳᠠᠯᠤᠯᠲᠤ ᠬᠥᠩᠭᠡᠨᠴᠠᠭ᠋ᠠᠨ᠎ᠤ ᠤᠲᠤᠭ᠎ᠠ ᠠᠭᠤᠷ᠎ᠤᠨ ᠪᠣᠬᠢᠷᠲᠤᠯ ᠡᠳ᠋᠎ᠢ ᠡᠬᠢ ᠢᠷᠡᠯᠲᠡ᠎ᠠᠴᠠ᠎ᠨᠢ ᠵᠠᠰᠠᠯᠲᠠ ᠬᠢᠬᠦ᠂ ᠬᠣᠲᠠ ᠬᠥᠳᠡᠭᠡ ᠵᠢᠨ ᠲᠠᠷᠠᠬᠠᠢ ᠪᠤᠲᠠᠷᠬᠠᠢ ᠲᠦᠯᠡᠰᠢ ᠵᠢᠨ ᠨᠡᠭᠦᠷᠡᠰᠦ ᠵᠢ ᠴᠡᠭᠴᠡᠯᠡᠨ ᠵᠠᠰᠠᠬᠤ᠂ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢ ᠪᠠᠢ᠌ᠭᠤᠯᠬᠤ᠂ ᠭᠣᠣᠯ ᠤᠷᠤᠰᠬᠠᠯ᠎ᠤᠨ ᠣᠭᠲᠣᠯᠣᠭ᠋ᠠᠰᠤ᠎ᠳᠤ ᠵᠠᠰᠠᠯᠲᠠ ᠬᠢᠬᠦ᠂ ᠬᠣᠲᠠ ᠬᠥᠳᠡᠭᠡ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠵᠦ ᠴᠡᠭᠴᠡᠯᠡᠨ ᠵᠠᠰᠠᠬᠤ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠤ ᠪᠣᠭᠣᠮᠲᠠ ᠰᠢᠪᠲᠤᠯᠬᠤ ᠵᠢ ᠴᠢᠩᠭ᠎ᠠ ᠣᠨᠢᠯᠠᠵᠤ᠂ ᠣᠯᠠᠨ ᠲᠦᠮᠡᠨ᠎ᠤ ᠬᠠᠵᠠᠭᠤ᠎ᠳᠠᠬᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠬᠦᠴᠦ ᠵᠠᠷᠤᠴᠠᠭᠤᠯᠤᠨ ᠰᠢᠢ᠍ᠳᠪᠦᠷᠢᠯᠡᠵᠦ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠌ᠨ ᠰᠠᠢ᠌ᠬᠠᠨ ᠠᠮᠢ ᠠᠬᠤᠢ ᠵᠢᠨ ᠣᠷᠴᠢᠨ ᠲᠣᠭᠣᠷᠢᠨ᠎ᠤ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠩᠭ᠋ᠠᠵᠠᠢ᠃
ᠳᠥᠷᠪᠡ᠎ᠳᠤ᠂ 《ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠵᠢ ᠴᠢᠩᠭ᠋ᠠᠷᠠᠭᠤᠯᠬᠤ》 ᠠᠵᠢᠯ᠎ᠢ ᠰᠠᠢ᠌ᠲᠤᠷ ᠬᠢᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠪᠡ᠃ ᠬᠠᠮᠤᠭ᠎ᠤᠨ ᠴᠢᠩᠭ᠎ᠠ ᠳᠦᠷᠢᠮ ᠪᠠ ᠬᠠᠮᠤᠭ᠎ᠤᠨ ᠨᠢᠭᠲᠠ ᠬᠠᠤᠯᠢ᠎ᠪᠠᠷ ᠵᠠᠰᠠᠬᠤ ᠠᠵᠢᠯ ᠵᠶ᠋ᠠᠷ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠨ᠂ ᠠᠮᠢ ᠠᠬᠤᠢ ᠵᠢᠨ ᠣᠷᠴᠢᠨ ᠲᠣᠭᠣᠷᠢᠨ᠎ᠢ ᠡᠪᠳᠡᠭᠰᠡᠨ ᠠᠵᠤ ᠠᠬᠤᠢ᠌ᠯᠠᠯ ᠪᠠ ᠬᠤᠪᠢ ᠬᠥᠮᠥᠨ᠎ᠢ ᠬᠠᠤᠯᠢ ᠶᠣᠰᠣᠭ᠋ᠠᠷ ᠡᠷᠡᠰ ᠵᠠᠯᠬᠠᠭ᠋ᠠᠨ ᠰᠢᠢ᠍ᠳᠬᠡᠵᠦ᠂ ᠬᠠᠤᠯᠢ ᠲᠣᠭᠲᠠᠭ᠋ᠠᠯ ᠪᠠ ᠰᠠᠬᠢᠯᠭ᠎ᠠ ᠪᠠᠲᠤ ᠵᠢ ᠬᠡᠷᠡᠭᠵᠢᠭᠦᠯᠬᠦ ᠡᠷᠴᠢᠮ᠎ᠢ ᠲᠠᠰᠤᠷᠠᠯᠲᠠ ᠦᠭᠡᠢ ᠴᠢᠩᠭ᠋ᠠᠷᠠᠭᠤᠯᠵᠤ᠂ ᠴᠢᠩᠭ᠎ᠠ ᠴᠣᠬᠢᠯᠲᠠ ᠥᠭᠬᠦ ᠪᠠ ᠴᠢᠩᠭ᠎ᠠ ᠰᠢᠢ᠍ᠳᠬᠡᠵᠦ ᠬᠦᠨᠳᠦ᠎ᠪᠠᠷ ᠲᠣᠷᠭ᠋ᠠᠬᠤ ᠴᠢᠩᠭ᠎ᠠ ᠰᠦᠷᠳᠡᠭᠦᠯᠦᠯ ᠪᠠ ᠥᠨᠳᠥᠷ ᠳᠠᠷᠤᠯᠲᠠ ᠵᠢᠨ ᠪᠠᠢ᠌ᠳᠠᠯ᠎ᠢ ᠪᠦᠷᠢᠯᠳᠦᠭᠦᠯᠪᠡ᠃ 《ᠡᠬᠢ ᠢᠷᠡᠯᠲᠡ ᠠᠴᠠ᠎ᠨᠢ ᠤᠷᠢᠳᠴᠢᠯᠠᠨ ᠰᠡᠷᠭᠡᠢ᠌ᠯᠡᠬᠦ᠂ ᠶᠠᠪᠤᠴᠠ ᠵᠢ᠎ᠨᠢ ᠴᠢᠩᠭ᠎ᠠ ᠬᠠᠮᠢᠶᠠᠷᠬᠤ᠂ ᠮᠠᠭᠤ ᠦᠷ᠎ᠡ ᠳ᠋ᠦᠩ᠎ᠳᠤ ᠴᠢᠩᠭ᠎ᠠ ᠰᠢᠢ᠍ᠳᠬᠡᠯ ᠥᠭᠬᠦ》᠎ᠠᠴᠠ ᠡᠭᠦᠰᠦᠨ᠂ ᠨᠢᠭᠡ ᠬᠡᠷᠡᠭ᠎ᠠᠴᠠ ᠨᠥᠬᠥᠭᠡ ᠬᠡᠷᠡᠭ᠎ᠢ ᠲᠥᠰᠥᠭᠡᠯᠡᠨ ᠵᠢᠱ᠌ᠢᠵᠦ᠂ ᠥᠩᠭᠡᠨ ᠲᠠᠯ᠎ᠠ ᠪᠠ ᠤᠭ ᠦᠨᠳᠦᠰᠦᠨ᠎ᠠᠴᠠ᠎ᠨᠢ ᠵᠠᠰᠠᠬᠤ ᠵᠢ ᠦᠷᠭᠦᠯᠵᠢᠯᠡᠨ ᠪᠠᠷᠢᠮᠲᠠᠯᠠᠵᠤ᠂ ᠣᠷᠴᠢᠨ ᠲᠣᠭᠣᠷᠢᠨ᠎ᠤ ᠳᠠᠯᠳᠠ ᠭᠡᠮ ᠪᠠ ᠠᠰᠠᠭᠤᠳᠠᠯ᠎ᠢ ᠢᠯᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠡᠷᠴᠢᠮ᠎ᠢ ᠴᠢᠩᠭ᠋ᠠᠷᠠᠭᠤᠯᠤᠨ᠂ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠬᠠᠮᠤᠭ᠎ᠤᠨ ᠴᠢᠩᠭ᠎ᠠ ᠳᠦᠷᠢᠮ ᠲᠣᠭᠲᠠᠭ᠋ᠠᠯ᠂ ᠬᠠᠮᠤᠭ᠎ᠤᠨ ᠨᠢᠭᠲᠠ ᠬᠠᠤᠯᠢ᠎ᠪᠠᠷ ᠵᠠᠰᠠᠬᠤ ᠠᠵᠢᠯ᠂ ᠬᠠᠮᠤᠭ᠎ᠤᠨ ᠴᠢᠩᠭ᠎ᠠ᠎ᠪᠠᠷ ᠬᠠᠷᠢᠭᠤᠴᠠᠯᠭ᠎ᠠ ᠨᠡᠬᠡᠮᠵᠢᠯᠡᠬᠦ ᠠᠵᠢᠯᠯᠠᠭ᠎ᠠ᠎ᠪᠠᠷ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠵᠠᠢ᠃