ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠶᠠᠪᠤᠳᠠᠯ᠎ᠤᠨ ᠡᠷᠬᠡ ᠵᠢ ᠳᠡᠭᠡᠳᠦ ᠱᠠᠲᠤᠨ᠎ᠠᠴᠠ ᠬᠤᠷᠢᠶᠠᠨ ᠠᠪᠬᠤ ᠵᠢ ᠬᠤᠭᠤᠴᠠᠭ᠎ᠠ ᠶᠣᠰᠣᠭ᠋ᠠᠷ ᠪᠡᠶᠡᠯᠡᠭᠦᠯᠵᠦ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠰᠠᠭᠤᠷᠢ ᠲᠣᠣᠷ ᠰᠦᠯᠵᠢᠶ᠎ᠡ ᠵᠢ ᠲᠣᠭᠲᠠᠭᠤᠨ ᠪᠥᠭᠡᠳ ᠪᠦᠲᠦᠮᠵᠢᠲᠡᠢ᠎ᠪᠠᠷ ᠠᠵᠢᠯᠯᠠᠭᠤᠯᠪᠠ
ᠨᠡᠶ᠋ᠢᠲᠡᠯᠡᠭᠰᠡᠨ ᠴᠠᠭ᠄ 2019-01-18

      ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠶᠠᠪᠤᠳᠠᠯ᠎ᠤᠨ ᠡᠷᠬᠡ ᠵᠢ ᠳᠡᠭᠡᠳᠦ ᠱᠠᠲᠤᠨ᠎ᠠᠴᠠ ᠬᠤᠷᠢᠶᠠᠨ ᠠᠪᠬᠤ ᠪᠣᠯ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠴᠢᠬᠤᠯᠠ ᠠᠭᠤᠯᠭ᠎ᠠ᠂ ᠮᠥᠨ ᠴᠤ᠌ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠣᠣᠷ ᠰᠦᠯᠵᠢᠶ᠎ᠡ ᠵᠢᠨ ᠪᠠᠢ᠌ᠭᠤᠯᠤᠯᠲᠠ ᠵᠢᠨ ᠲᠥᠰᠥᠯ》 (ᠲᠥᠷᠥ ᠠᠯᠪᠠᠨ ᠲᠠᠷᠬᠠᠭ᠋ᠠᠭᠰᠠᠨ [2015] 56 ᠳ᠋ᠤᠭ᠋ᠠᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 《ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠣᠣᠷ ᠰᠦᠯᠵᠢᠶ᠎ᠡ ᠵᠢᠨ ᠪᠠᠢ᠌ᠭᠤᠯᠤᠯᠲᠠ ᠵᠢᠨ ᠠᠵᠢᠯ᠎ᠤᠨ ᠲᠥᠰᠥᠯ (ᠲᠤᠷᠰᠢᠨ ᠬᠡᠷᠡᠭᠵᠢᠭᠦᠯᠬᠦ)》 (ᠥᠪᠥᠷ ᠵᠠᠰᠠᠭ ᠠᠯᠪᠠᠨ ᠲᠠᠷᠬᠠᠭ᠋ᠠᠭᠰᠠᠨ [2016] 42 ᠳ᠋ᠤᠭ᠋ᠠᠷ ᠲᠣᠭ᠋ᠠᠲᠤ)᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠰᠠᠭᠤᠷᠢ ᠲᠣᠣᠷ ᠰᠦᠯᠵᠢᠶ᠎ᠡ ᠵᠢᠨ ᠬᠠᠷᠢᠶᠠᠨ᠎ᠤ ᠣᠷᠣᠨ᠎ᠠᠴᠠ ᠡᠵᠡᠮᠳᠡᠬᠦ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠠᠦ᠋ᠲ ᠵᠶ᠋ᠠᠷ ᠬᠢᠨᠠᠨ ᠬᠡᠮᠵᠢᠬᠦ 86 ᠥᠷᠲᠡᠭᠡ ᠴᠡᠭ᠎ᠤᠨ ᠶᠠᠪᠤᠳᠠᠯ᠎ᠤᠨ ᠡᠷᠬᠡ ᠵᠢ ᠳᠡᠭᠡᠳᠦ ᠱᠠᠲᠤᠨ᠎ᠠᠴᠠ ᠬᠤᠷᠢᠶᠠᠨ ᠠᠪᠬᠤ ᠠᠵᠢᠯ᠎ᠢ ᠬᠤᠭᠤᠴᠠᠭ᠎ᠠ ᠶᠣᠰᠣᠭ᠋ᠠᠷ ᠪᠡᠶᠡᠯᠡᠭᠦᠯᠦᠭᠰᠡᠨ᠎ᠤ ᠬᠠᠮᠲᠤ᠂ ᠭᠤᠷᠪᠠᠳᠠᠭᠴᠢ ᠲᠠᠯ᠎ᠠ ᠵᠢᠨ ᠠᠵᠢᠯᠯᠠᠭᠤᠯᠤᠨ ᠬᠠᠮᠠᠭ᠋ᠠᠯᠠᠬᠤ ᠪᠠᠢ᠌ᠭᠤᠯᠤᠮᠵᠢ᠎ᠳᠤ ᠰᠢᠯᠵᠢᠭᠦᠯᠦᠨ ᠲᠤᠰᠢᠶᠠᠵᠤ ᠡᠳᠦᠷ ᠲᠤᠲᠤᠮ᠎ᠤᠨ ᠠᠵᠢᠯᠯᠠᠭᠤᠯᠤᠨ ᠬᠠᠮᠠᠭ᠋ᠠᠯᠠᠬᠤ ᠵᠢ ᠬᠠᠷᠢᠭᠤᠴᠠᠭᠤᠯᠪᠠ᠃ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠶᠠᠪᠤᠳᠠᠯ᠎ᠤᠨ ᠡᠷᠬᠡ ᠵᠢ ᠳᠡᠭᠡᠳᠦ ᠱᠠᠲᠤᠨ᠎ᠠᠴᠠ ᠬᠤᠷᠢᠶᠠᠨ ᠠᠪᠬᠤ ᠪᠣᠯ ᠨᠢᠭᠡ ᠵᠦᠢ᠍ᠯ᠎ᠤᠨ ᠬᠠᠲᠠᠭᠤ ᠪᠡᠷᠬᠡᠲᠡᠢ ᠪᠥᠭᠡᠳ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠠᠢ᠌ᠵᠤ᠂ ᠬᠣᠯᠪᠣᠭᠳᠠᠬᠤ ᠲᠠᠯ᠎ᠠ᠎ᠨᠢ ᠥᠷᠭᠡᠨ᠂ ᠡᠭᠦᠷᠭᠡ ᠵᠢᠨ ᠬᠡᠮᠵᠢᠶ᠎ᠡ᠎ᠨᠢ ᠶᠡᠬᠡ᠂ ᠶᠠᠰᠤ ᠴᠢᠨᠠᠷ᠎ᠤᠨ ᠱᠠᠭ᠋ᠠᠷᠳᠠᠯᠭ᠎ᠠ᠎ᠨᠢ ᠥᠨᠳᠥᠷ ᠪᠠᠢ᠌ᠳᠠᠭ᠃ ᠳᠡᠭᠡᠳᠦ ᠱᠠᠲᠤᠨ᠎ᠠᠴᠠ ᠬᠤᠷᠢᠶᠠᠨ ᠠᠪᠬᠤ ᠶᠠᠪᠤᠴᠠ᠎ᠳᠤ ᠮᠠᠨ᠎ᠤ ᠣᠷᠣᠨ᠎ᠤ ᠡᠯ᠎ᠡ ᠠᠢ᠌ᠮᠠᠭ ᠬᠣᠲᠠ ᠪᠠ ᠬᠣᠰᠢᠭᠤ ᠰᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠠᠵᠢᠯᠯᠠᠭᠤᠯᠤᠨ ᠬᠠᠮᠠᠭ᠋ᠠᠯᠠᠬᠤ ᠺᠣᠮᠫᠠᠨᠢ᠎ᠲᠠᠢ ᠨᠢᠭᠲᠠ ᠬᠠᠮᠵᠢᠯᠴᠠᠨ ᠠᠵᠢᠯᠯᠠᠵᠤ᠂ ᠲᠤᠰᠢᠶᠠᠬᠤ ᠪᠠ ᠬᠦᠯᠢᠶᠡᠨ ᠠᠪᠬᠤ ᠠᠵᠢᠯ᠎ᠤᠨ ᠳᠤᠮᠳᠠ ᠢᠯᠡᠷᠡᠭᠰᠡᠨ ᠠᠰᠠᠭᠤᠳᠠᠯ᠎ᠢ ᠴᠠᠭ ᠲᠤᠬᠠᠢ᠎ᠳᠤ᠎ᠨᠢ ᠵᠣᠬᠢᠴᠠᠭᠤᠯᠤᠨ ᠰᠢᠢ᠍ᠳᠪᠦᠷᠢᠯᠡᠵᠦ᠂ ᠰᠠᠢ᠌ᠨ ᠰᠠᠢ᠌ᠬᠠᠨ ᠬᠠᠷᠢᠭᠤᠴᠠᠯᠭ᠋ᠠᠲᠤ ᠦᠵᠡᠯ ᠤᠬᠠᠮᠰᠠᠷ ᠪᠠ ᠶᠡᠬᠡ ᠲᠠᠯ᠎ᠠ ᠵᠢᠨ ᠦᠵᠡᠯ ᠤᠬᠠᠮᠰᠠᠷ᠎ᠢ ᠢᠯᠡᠷᠡᠭᠦᠯᠦᠨ᠂ ᠲᠤᠰᠢᠶᠠᠬᠤ ᠪᠠ ᠬᠦᠯᠢᠶᠡᠨ ᠠᠪᠬᠤ ᠠᠵᠢᠯ᠎ᠢ ᠤᠷᠤᠭᠰᠢᠲᠠᠢ ᠪᠡᠶᠡᠯᠡᠭᠦᠯᠬᠦ ᠵᠢ ᠪᠠᠲᠤᠯᠠᠵᠠᠢ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠴᠠᠭ ᠠᠭ᠋ᠠᠷ᠎ᠤᠨ ᠬᠢᠨᠠᠨ ᠬᠡᠮᠵᠢᠬᠦ ᠲᠣᠣᠷ ᠰᠦᠯᠵᠢᠶ᠎ᠡ ᠵᠢᠨ ᠣᠷᠣᠨ᠎ᠠᠴᠠ ᠡᠵᠡᠮᠳᠡᠬᠦ ᠴᠠᠭ ᠠᠭ᠋ᠠᠷ᠎ᠤᠨ ᠠᠦ᠋ᠲ ᠥᠷᠲᠡᠭᠡ ᠵᠢ ᠠᠵᠢᠯᠯᠠᠭᠤᠯᠤᠨ ᠬᠠᠮᠢᠶᠠᠷᠬᠤ ᠵᠢ ᠪᠦᠬᠦ ᠲᠠᠯ᠎ᠠ᠎ᠪᠠᠷ ᠴᠢᠩᠭ᠋ᠠᠳᠬᠠᠨ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠬᠢᠨᠠᠨ ᠬᠡᠮᠵᠢᠬᠦ ᠶᠠᠪᠤᠳᠠᠯ᠎ᠤᠨ ᠡᠷᠬᠡ ᠵᠢ ᠳᠡᠭᠡᠳᠦ ᠱᠠᠲᠤᠨ᠎ᠠᠴᠠ ᠬᠤᠷᠢᠶᠠᠨ ᠠᠪᠤᠭᠰᠠᠨ᠎ᠤ ᠳᠠᠷᠠᠭ᠋ᠠᠬᠢ ᠣᠷᠴᠢᠨ ᠲᠣᠭᠣᠷᠢᠨ᠎ᠤ ᠬᠢᠨᠠᠨ ᠬᠡᠮᠵᠢᠬᠦ ᠬᠠᠮᠢᠶᠠᠷᠤᠯᠲᠠ ᠵᠢᠨ ᠰᠢᠨ᠎ᠡ ᠱᠠᠭ᠋ᠠᠷᠳᠠᠯᠭ᠎ᠠ᠎ᠲᠠᠢ ᠵᠣᠬᠢᠴᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠲᠣᠣᠷ ᠰᠦᠯᠵᠢᠶ᠎ᠡ ᠵᠢ ᠠᠵᠢᠯᠯᠠᠭᠤᠯᠬᠤ ᠪᠠ ᠬᠠᠮᠠᠭ᠋ᠠᠯᠠᠬᠤ ᠵᠢ ᠵᠢᠷᠤᠮᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠠᠦ᠋ᠲ ᠵᠶ᠋ᠠᠷ ᠬᠢᠨᠠᠨ ᠬᠡᠮᠵᠢᠬᠦ ᠥᠷᠲᠡᠭᠡ ᠵᠢ ᠠᠵᠢᠯᠯᠠᠭᠤᠯᠤᠨ ᠬᠠᠮᠢᠶᠠᠷᠬᠤ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭ᠋ᠠᠵᠤ᠂ ᠣᠷᠣᠨ᠎ᠠᠴᠠ ᠡᠵᠡᠮᠳᠡᠬᠦ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠠᠦ᠋ᠲ ᠵᠶ᠋ᠠᠷ ᠬᠢᠨᠠᠨ ᠡᠵᠡᠮᠳᠡᠬᠦ ᠥᠷᠲᠡᠭᠡ ᠴᠡᠭ᠎ᠢ ᠠᠵᠢᠯᠯᠠᠭᠤᠯᠤᠨ ᠬᠠᠮᠠᠭ᠋ᠠᠯᠠᠬᠤ ᠪᠠ ᠬᠢᠨᠠᠨ ᠬᠡᠮᠵᠢᠬᠦ ᠶᠠᠰᠤ ᠴᠢᠨᠠᠷ᠎ᠢ ᠡᠵᠡᠮᠳᠡᠬᠦ᠎ᠳᠤ ᠨᠠᠷᠢᠨ ᠲᠣᠳᠣᠷᠬᠠᠢ ᠲᠣᠭᠲᠠᠭ᠋ᠠᠯ ᠭᠠᠷᠭ᠋ᠠᠪᠠ᠃ ᠣᠷᠴᠢᠨ ᠲᠣᠭᠣᠷᠢᠨ᠎ᠢ ᠬᠠᠮᠠᠭ᠋ᠠᠯᠠᠬᠤ ᠬᠠᠷᠠᠯᠲᠠ ᠵᠢ ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠤᠨ ᠰᠢᠯᠭ᠋ᠠᠨ ᠬᠢᠨᠠᠯᠲᠠ᠂ ᠪᠠᠢ᠌ᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠬᠢᠨᠠᠨ ᠪᠣᠳᠣᠯᠲᠠ᠂ ᠴᠡᠩᠬᠡᠷ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠵᠡᠷᠭᠡ᠎ᠳᠤ ᠣᠷᠣᠭᠤᠯᠬᠤ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠶᠠᠮᠤᠨ 2019 ᠣᠨ᠎ᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠲᠧᠯᠸᠢᠰ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠤᠳᠤᠷᠢᠳᠬᠤ ᠪᠠᠭ᠎ᠤᠨ᠎ᠬᠢᠨ᠎ᠤ 2018 ᠣᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2019 ᠣᠨ᠎ᠤ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ ᠵᠢᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ 《ᠲᠡᠮᠦᠷ ᠴᠡᠷᠢᠭ᠎ᠤᠨ ᠠᠵᠢᠯᠯᠠᠭ᠎ᠠ》 ᠵᠢᠨ ᠲᠤᠰᠬᠠᠢ ᠵᠦᠢ᠍ᠯ᠎ᠤᠨ ᠪᠠᠢ᠌ᠴᠠᠭ᠋ᠠᠯᠲᠠ ᠵᠢ ᠥᠷᠨᠢᠭᠦᠯᠪᠡ
 
             蒙ICP备05000248号