ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠳᠥᠷᠪᠡᠨ ᠵᠦᠢ᠍ᠯ᠎ᠤᠨ ᠲᠤᠰᠢᠶᠠᠯᠲᠠᠨ》᠎ᠤ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ ᠠᠮᠢ ᠠᠬᠤᠢ ᠵᠢ ᠴᠡᠪᠡᠷᠰᠢᠭᠦᠯᠵᠦ ᠴᠡᠭᠴᠡᠯᠡᠨ ᠵᠠᠰᠠᠬᠤ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2019-01-18

     1 ᠳ᠋ᠦ᠍ᠭᠡᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠳᠥᠷᠪᠡᠨ ᠵᠦᠢ᠍ᠯ᠎ᠤᠨ ᠲᠤᠰᠢᠶᠠᠯᠲᠠᠨ》᠎ᠤ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ ᠠᠮᠢ ᠠᠬᠤᠢ ᠵᠢ ᠴᠡᠪᠡᠷᠰᠢᠭᠦᠯᠵᠦ ᠴᠡᠭᠴᠡᠯᠡᠨ ᠵᠠᠰᠠᠬᠤ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠵᠠᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠶᠠᠷᠢᠶ᠎ᠠ ᠲᠠᠯᠪᠢᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠬᠤᠷᠠᠯ᠎ᠢ ᠡᠷᠬᠢᠯᠡᠭᠰᠡᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ ᠲᠤᠰᠬᠠᠢ ᠵᠦᠢ᠍ᠯ᠎ᠤᠨ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠬᠦ ᠲᠤᠬᠠᠢ ᠱᠠᠭ᠋ᠠᠷᠳᠠᠯᠭ᠎ᠠ ᠳᠤᠷᠠᠳᠴᠠᠢ᠃
      ᠰᠢᠶᠠᠩ ᠳ᠋ᠦᠩ ᠵᠢᠭ᠋ᠠᠬᠤ᠎ᠳᠤ᠎ᠪᠠᠨ᠂ 《ᠬᠣᠢ᠌ᠷᠭᠤ ᠲᠤᠰᠢᠶᠠᠯᠲᠠᠨ᠂ ᠦᠬᠦᠭᠡᠨᠴᠡ ᠲᠤᠰᠢᠶᠠᠯᠲᠠᠨ᠂ ᠨᠣᠮᠣᠬᠠᠨ ᠲᠤᠰᠢᠶᠠᠯᠲᠠᠨ᠂ ᠤᠬᠠᠭ᠋ᠠᠨᠲᠠᠢ ᠲᠤᠰᠢᠶᠠᠯᠲᠠᠨ》᠎ᠤ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂ ᠪᠠᠢ᠌ᠭᠤᠯᠭ᠎ᠠ ᠵᠢᠨ ᠤᠯᠤᠰ ᠲᠥᠷᠥ ᠵᠢᠨ ᠠᠮᠢ ᠠᠬᠤᠢ ᠵᠢ ᠴᠡᠪᠡᠷᠰᠢᠭᠦᠯᠬᠦ ᠵᠢ ᠠᠬᠢᠭᠤᠯᠬᠤ ᠪᠣᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠪᠠᠷ ᠵᠥᠪᠰᠢᠶᠡᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠠᠴᠠ ᠲᠦᠷᠦᠭᠦᠯᠡᠵᠦ᠂ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠪᠠ ᠰᠠᠯᠠᠭ᠎ᠠ ᠮᠥᠴᠢᠷ᠎ᠤᠳ᠎ᠤᠨ ᠳᠣᠲᠣᠷ᠎ᠠ ᠥᠷᠨᠢᠭᠦᠯᠦᠭᠰᠡᠨ ᠨᠢᠭᠡᠨ ᠤᠳᠠᠭ᠋ᠠᠨ᠎ᠤ ᠲᠤᠰᠬᠠᠢ ᠵᠦᠢ᠍ᠯ᠎ᠤᠨ ᠴᠡᠭᠴᠡᠯᠡᠨ ᠵᠠᠰᠠᠬᠤ ᠠᠵᠢᠯᠯᠠᠭ᠎ᠠ ᠪᠣᠯᠣᠨ᠎ᠠ᠃ ᠲᠢᠩᠬᠢᠮ᠎ᠤᠨ ᠰᠢᠰᠲ᠋ᠧᠮ᠎ᠤᠨ᠎ᠬᠢᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠴᠡᠭᠴᠡᠯᠡᠨ ᠵᠠᠰᠠᠬᠤ ᠠᠵᠢᠯᠯᠠᠭ᠎ᠠ ᠵᠢᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭ᠋ᠠᠨ᠂ 《ᠬᠣᠶᠠᠷ᠎ᠢ ᠬᠠᠮᠠᠭ᠋ᠠᠯᠠᠬᠤ》 ᠵᠢ ᠪᠠᠲᠤᠳᠬᠠᠵᠤ᠂ 《ᠳᠥᠷᠪᠡᠨ ᠵᠦᠢ᠍ᠯ᠎ᠤᠨ ᠲᠤᠰᠢᠶᠠᠯᠲᠠᠨ》᠎ᠤ ᠠᠰᠠᠭᠤᠳᠠᠯ᠎ᠢ ᠴᠡᠭᠴᠡᠯᠡᠨ ᠵᠠᠰᠠᠬᠤ ᠠᠵᠢᠯᠯᠠᠭ᠎ᠠ ᠵᠢᠨ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ 《ᠠᠷᠪᠠᠨ ᠵᠦᠢ᠍ᠯ᠎ᠤᠨ ᠢᠯᠡᠷᠡᠯ》 ᠪᠠ 《ᠳᠥᠷᠪᠡᠨ ᠵᠦᠢ᠍ᠯ᠎ᠤᠨ ᠲᠤᠰᠢᠶᠠᠯᠲᠠᠨ》᠎ᠤ ᠲᠣᠪᠣᠢ᠌ᠮ᠎ᠠ ᠠᠰᠠᠭᠤᠳᠠᠯ᠎ᠳᠤ ᠠᠩᠬᠠᠷᠤᠭᠤᠯᠤᠨ ᠲᠥᠪᠯᠡᠷᠡᠭᠦᠯᠵᠦ᠂ ᠠᠵᠢᠯ᠎ᠤᠨ ᠬᠠᠷᠢᠭᠤᠴᠠᠯᠭ᠎ᠠ ᠵᠢ ᠳᠡᠰ ᠳᠡᠰ ᠵᠶ᠋ᠡᠷ ᠪᠣᠳᠠᠲᠠᠢ᠌ᠵᠢᠭᠤᠯᠤᠨ ᠴᠢᠩᠭ᠋ᠠᠳᠬᠠᠵᠤ᠂ ᠠᠰᠠᠭᠤᠳᠠᠯ᠎ᠢ ᠬᠢᠨᠠᠮᠠᠭ᠋ᠠᠢ ᠪᠠᠢ᠌ᠴᠠᠭ᠋ᠠᠨ ᠭᠠᠷᠭ᠋ᠠᠬᠤ ᠪᠠ ᠵᠠᠰᠠᠨ ᠵᠠᠯᠠᠷᠠᠭᠤᠯᠵᠤ᠂ ᠴᠡᠭᠴᠡᠯᠡᠨ ᠵᠠᠰᠠᠬᠤ ᠠᠵᠢᠯ᠎ᠤᠨ ᠪᠣᠳᠠᠲᠤ ᠦᠷ᠎ᠡ ᠪᠦᠲᠦᠮᠵᠢ᠎ᠪᠠᠷ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠡᠢ᠃
      ᠰᠢᠶᠠᠩ ᠳ᠋ᠦᠩ ᠱᠠᠭ᠋ᠠᠷᠳᠠᠬᠤ᠎ᠳᠤ᠎ᠪᠠᠨ᠂ ᠬᠠᠷᠠᠯᠲᠠ ᠵᠢᠨ ᠱᠠᠭ᠋ᠠᠷᠳᠠᠯᠭ᠎ᠠ ᠵᠢ ᠡᠵᠡᠮᠳᠡᠨ᠂ ᠲᠤᠰᠬᠠᠢ ᠵᠦᠢ᠍ᠯ᠎ᠤᠨ ᠴᠡᠭᠴᠡᠯᠡᠨ ᠵᠠᠰᠠᠬᠤ ᠠᠵᠢᠯᠯᠠᠭ᠎ᠠ ᠵᠢ ᠪᠣᠳᠠᠲᠠᠢ᠎ᠪᠠᠷ ᠰᠠᠢ᠌ᠲᠤᠷ ᠠᠳᠬᠤᠵᠤ᠂ ᠳᠡᠭᠡᠳᠦ ᠱᠠᠲᠤᠨ᠎ᠠᠴᠠ ᠳᠣᠣᠷᠠᠳᠤ ᠱᠠᠲᠤ᠎ᠪᠠᠨ ᠵᠢᠱ᠌ᠢᠶᠡᠴᠢ᠎ᠪᠠᠷ ᠳᠠᠢ᠌ᠴᠢᠯᠠᠨ ᠳᠠᠭ᠋ᠠᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠭᠦᠨᠵᠡᠭᠡᠢ ᠪᠠᠢ᠌ᠴᠠᠭ᠋ᠠᠨ ᠵᠠᠯᠠᠷᠠᠭᠤᠯᠵᠤ᠂ ᠥᠩᠭᠡᠨ ᠲᠠᠯ᠎ᠠ ᠪᠠ   ᠤᠭ   ᠦᠨᠳᠦᠰᠦᠨ᠎ᠠᠴᠠ᠎ᠨᠢ ᠵᠠᠰᠠᠬᠤ ᠵᠢ   ᠪᠠᠷᠢᠮᠲᠠᠯᠠᠵᠤ᠂ ᠤᠷᠲᠤ ᠬᠤᠭᠤᠴᠠᠭ᠋ᠠᠨ᠎ᠤ ᠦᠷ᠎ᠡ ᠪᠦᠲᠦᠮᠵᠢ ᠵᠢ ᠪᠣᠳᠠᠲᠠᠢ᠌ᠵᠢᠭᠤᠯᠤᠨ ᠡᠷᠬᠢᠮᠯᠡᠬᠦ ᠬᠡᠷᠡᠭᠲᠡᠢ; ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠬᠦ ᠵᠢ ᠴᠢᠩᠭ᠋ᠠᠷᠠᠭᠤᠯᠤᠨ᠂ ᠴᠡᠭᠴᠡᠯᠡᠨ ᠵᠠᠰᠠᠬᠤ ᠠᠵᠢᠯᠯᠠᠭ᠎ᠠ ᠵᠢᠨ ᠵᠢᠱ᠌ᠢᠭᠰᠡᠨ ᠦᠷ᠎ᠡ ᠪᠦᠲᠦᠮᠵᠢ᠎ᠪᠠᠨ ᠣᠯᠬᠤ ᠵᠢ ᠪᠠᠲᠤᠯᠠᠵᠤ᠂ ᠡᠯ᠎ᠡ ᠭᠠᠵᠠᠷ ᠲᠠᠰᠤᠭ᠂ ᠡᠯ᠎ᠡ ᠨᠢᠭᠡᠴᠢ ᠵᠢᠨ᠎ᠬᠢᠨ ᠬᠤᠷᠴᠠ ᠴᠢᠩᠭ᠎ᠠ 《ᠳᠣᠬᠢᠶᠠᠨ ᠳ᠋ᠧᠩ》᠎ᠤᠨ ᠦᠵᠡᠯ ᠤᠬᠠᠮᠰᠠᠷ᠎ᠢ ᠪᠣᠢ ᠪᠣᠯᠭ᠋ᠠᠵᠤ᠂ ᠨᠠᠷᠢᠯᠢᠭ ᠪᠠᠢ᠌ᠷᠢᠯᠠᠭᠤᠯᠤᠨ᠂ ᠲᠦᠷᠭᠡᠬᠡᠨ ᠬᠥᠳᠡᠯᠦᠯᠴᠡᠵᠦ᠂ ᠬᠠᠮᠤᠭ᠎ᠤᠨ ᠪᠠᠲᠤ ᠴᠢᠩᠭ᠎ᠠ ᠣᠪᠣᠷ᠂ ᠬᠠᠮᠤᠭ᠎ᠤᠨ ᠲᠦᠷᠭᠡᠨ ᠠᠵᠢᠯᠯᠠᠭ᠎ᠠ᠂ ᠬᠠᠮᠤᠭ᠎ᠤᠨ ᠪᠦᠲᠦᠮᠵᠢᠲᠡᠢ ᠠᠷᠭ᠎ᠠ ᠬᠡᠮᠵᠢᠶ᠎ᠡ᠂ ᠬᠠᠮᠤᠭ᠎ᠤᠨ ᠴᠢᠩᠭ᠎ᠠ᠎ᠪᠠᠷ ᠬᠠᠷᠢᠭᠤᠴᠠᠯᠭ᠎ᠠ ᠨᠡᠬᠡᠮᠵᠢᠯᠡᠬᠦ᠎ᠪᠠᠷ᠂ ᠴᠡᠭᠴᠡᠯᠡᠨ ᠵᠠᠰᠠᠬᠤ ᠠᠵᠢᠯᠯᠠᠭ᠎ᠠ ᠵᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠪᠠᠲᠤᠯᠠᠵᠤ᠂ ᠪᠠᠢ᠌ᠭᠤᠯᠭ᠎ᠠ ᠵᠢᠨ ᠤᠯᠤᠰ ᠲᠥᠷᠥ ᠵᠢᠨ ᠠᠮᠢ ᠠᠬᠤᠢ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠤᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠢᠯᠠᠯᠲᠠ ᠣᠯᠬᠤ᠎ᠳᠤ ᠰᠠᠬᠢᠯᠭ᠎ᠠ ᠪᠠᠲᠤ ᠪᠠ ᠣᠪᠣᠷ ᠰᠤᠷᠲᠠᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠦᠬᠦ ᠨᠠᠮ᠎ᠤᠨ ᠭᠡᠰᠢᠭᠦᠨ ᠺᠠᠳ᠋ᠷ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠶᠠᠪᠤᠳᠠᠯ᠎ᠤᠨ ᠡᠷᠬᠡ ᠵᠢ ᠳᠡᠭᠡᠳᠦ ᠱᠠᠲᠤᠨ᠎ᠠᠴᠠ ᠬᠤᠷᠢᠶᠠᠨ ᠠᠪᠬᠤ ᠵᠢ ᠬᠤᠭᠤᠴᠠᠭ᠎ᠠ ᠶᠣᠰᠣᠭ᠋ᠠᠷ ᠪᠡᠶᠡᠯᠡᠭᠦᠯᠵᠦ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠰᠠᠭᠤᠷᠢ ᠲᠣᠣᠷ ᠰᠦᠯᠵᠢᠶ᠎ᠡ ᠵᠢ ᠲᠣᠭᠲᠠᠭᠤᠨ ᠪᠥᠭᠡᠳ ᠪᠦᠲᠦᠮᠵᠢᠲᠡᠢ᠎ᠪᠠᠷ ᠠᠵᠢᠯᠯᠠᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ 2019 ᠣᠨ᠎ᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠲᠧᠯᠸᠢᠰ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠤᠳᠤᠷᠢᠳᠬᠤ ᠪᠠᠭ᠎ᠤᠨ᠎ᠬᠢᠨ᠎ᠤ 2018 ᠣᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2019 ᠣᠨ᠎ᠤ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ ᠵᠢᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
 
             蒙ICP备05000248号