ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ᠎ᠳᠤ ᠨᠡᠢ᠌ᠳᠡᠮ᠎ᠳᠤ᠎ᠨᠢ ᠪᠠᠢ᠌ᠴᠠᠭ᠋ᠠᠯᠲᠠ ᠬᠢᠬᠦ ᠠᠯᠪᠠᠨ ᠭᠡᠷ᠎ᠠᠴᠠ ᠪᠦᠬᠦ ᠣᠷᠣᠨ᠎ᠤ ᠨᠡᠢ᠌ᠳᠡᠮ᠎ᠳᠤ᠎ᠨᠢ ᠪᠠᠢ᠌ᠴᠠᠭ᠋ᠠᠵᠤ ᠡᠷᠦᠬᠡ᠎ᠳᠤ ᠣᠷᠣᠵᠤ ᠪᠠᠢ᠌ᠴᠠᠭ᠋ᠠᠭᠰᠠᠨ ᠲᠣᠭ᠎ᠠ ᠪᠠᠷᠢᠮᠲᠠ ᠵᠢ ᠲᠥᠪᠯᠡᠷᠡᠭᠦᠯᠵᠦ ᠬᠢᠨᠠᠨ ᠬᠠᠷᠭᠤᠭᠤᠯᠬᠤ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2019-01-02

      ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠵᠤ ᠡᠷᠦᠬᠡ᠎ᠳᠤ ᠣᠷᠣᠵᠤ ᠪᠠᠢ᠌ᠴᠠᠭ᠋ᠠᠭᠰᠠᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ ᠠᠵᠢᠯ᠎ᠢ ᠰᠠᠢ᠌ᠲᠤᠷ ᠬᠢᠵᠦ᠂ ᠨᠡᠢ᠌ᠳᠡᠮ᠎ᠳᠤ᠎ᠨᠢ ᠪᠠᠢ᠌ᠴᠠᠭ᠋ᠠᠭᠰᠠᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠪᠠᠲᠤᠯᠠᠬᠤ ᠵᠢᠨ ᠲᠤᠰᠠᠳᠠ᠂ 《ᠨᠡᠢ᠌ᠳᠡᠮ᠎ᠳᠤ᠎ᠨᠢ ᠪᠠᠢ᠌ᠴᠠᠭ᠋ᠠᠨ ᠡᠷᠦᠬᠡ᠎ᠳᠤ ᠣᠷᠣᠵᠤ ᠪᠠᠢ᠌ᠴᠠᠭ᠋ᠠᠬᠤ ᠪᠠ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠂ 《ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠶᠠᠰᠤ ᠴᠢᠨᠠᠷ᠎ᠢ ᠡᠵᠡᠮᠳᠡᠬᠦ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠢ ᠮᠡᠳᠡᠭᠳᠡᠯ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠭᠰᠠᠨ ᠶᠠᠰᠤ ᠴᠢᠨᠠᠷ᠎ᠢ ᠬᠢᠨᠠᠨ ᠬᠠᠷᠭᠤᠭᠤᠯᠬᠤ ᠠᠵᠢᠯ᠎ᠤᠨ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 ᠵᠡᠷᠭᠡ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ 12 ᠳ᠋ᠤᠭ᠋ᠠᠷ ᠰᠠᠷ᠎ᠠ ᠵᠢᠨ 26᠎ᠤ ᠡᠳᠦᠷ᠂ 4 ᠡᠳᠦᠷ᠎ᠤᠨ ᠬᠤᠭᠤᠴᠠᠭ᠎ᠠ᠎ᠲᠠᠢ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠵᠤ ᠡᠷᠦᠬᠡ᠎ᠳᠤ ᠣᠷᠣᠵᠤ ᠪᠠᠢ᠌ᠴᠠᠭ᠋ᠠᠭᠰᠠᠨ ᠲᠣᠭ᠎ᠠ ᠪᠠᠷᠢᠮᠲᠠ ᠵᠢ ᠲᠥᠪᠯᠡᠷᠡᠭᠦᠯᠵᠦ ᠬᠢᠨᠠᠨ ᠬᠠᠷᠭᠤᠭᠤᠯᠬᠤ ᠪᠣᠯᠪᠠᠰᠤᠷᠠᠯ᠎ᠤᠨ ᠠᠩᠭᠢ ᠵᠢ ᠬᠥᠬᠡᠬᠣᠲᠠ᠎ᠳᠤ ᠡᠷᠬᠢᠯᠡᠵᠡᠢ᠃
      ᠲᠤᠰ ᠤᠳᠠᠭ᠋ᠠᠨ᠎ᠤ ᠪᠣᠯᠪᠠᠰᠤᠷᠠᠯ ᠪᠣᠯ ᠤᠯᠤᠰ᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠵᠤ ᠡᠷᠦᠬᠡ᠎ᠳᠤ ᠣᠷᠣᠵᠤ ᠪᠠᠢ᠌ᠴᠠᠭ᠋ᠠᠭᠰᠠᠨ᠎ᠢ ᠬᠢᠨᠠᠨ ᠬᠠᠷᠭᠤᠭᠤᠯᠬᠤ ᠶᠣᠰᠣ ᠳᠦᠷᠢᠮ ᠵᠢᠴᠢ ᠱᠠᠭ᠋ᠠᠷᠳᠠᠯᠭ᠎ᠠ᠎ᠳᠤ ᠪᠣᠯᠪᠠᠰᠤᠷᠠᠯ ᠬᠢᠵᠦ᠂ ᠡᠯ᠎ᠡ ᠠᠢ᠌ᠮᠠᠭ ᠬᠣᠲᠠ᠂ ᠬᠣᠰᠢᠭᠤ ᠰᠢᠶᠠᠨ ᠲᠣᠭᠣᠷᠢᠭ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠨ ᠡᠷᠦᠬᠡ᠎ᠳᠤ ᠣᠷᠣᠵᠤ ᠪᠠᠢ᠌ᠴᠠᠭ᠋ᠠᠬᠤ ᠱᠠᠲᠤᠨ᠎ᠳᠤ ᠴᠤᠭᠯᠠᠭᠤᠯᠤᠭᠰᠠᠨ ᠲᠣᠭ᠎ᠠ ᠪᠠᠷᠢᠮᠲᠠ ᠵᠢ ᠲᠥᠪᠯᠡᠷᠡᠭᠦᠯᠵᠦ ᠬᠢᠨᠠᠨ ᠬᠠᠷᠭᠤᠭᠤᠯᠪᠠ᠃ ᠪᠣᠯᠪᠠᠰᠤᠷᠠᠯ᠎ᠢ ᠨᠡᠢ᠌ᠲᠡ 2 ᠬᠤᠭᠤᠴᠠᠭ᠎ᠠ ᠬᠤᠪᠢᠶᠠᠵᠤ᠂ ᠨᠢᠭᠡᠳᠦᠭᠡᠷ ᠬᠤᠭᠤᠴᠠᠭ᠋ᠠᠨ᠎ᠤ ᠪᠣᠯᠪᠠᠰᠤᠷᠠᠯ ᠬᠢᠬᠦ ᠡᠲᠡᠭᠡᠳ᠎ᠨᠢ ᠬᠥᠬᠡᠬᠣᠲᠠ᠂ ᠪᠤᠭᠤᠲᠤ ᠬᠣᠲᠠ᠂ ᠤᠯᠠᠭ᠋ᠠᠨᠴᠠᠪ ᠬᠣᠲᠠ᠂ ᠣᠷᠳᠣᠰ ᠬᠣᠲᠠ ᠵᠢᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠵᠢᠯ᠎ᠤᠨ ᠬᠠᠮᠢᠶ᠎ᠠ ᠪᠦᠬᠦᠢ ᠬᠥᠮᠥᠰ ᠪᠣᠯᠣᠨ᠎ᠠ; ᠬᠣᠶᠠᠳᠤᠭ᠋ᠠᠷ ᠬᠤᠭᠤᠴᠠᠭ᠋ᠠᠨ᠎ᠤ ᠪᠣᠯᠪᠠᠰᠤᠷᠠᠯ ᠬᠢᠬᠦ ᠡᠲᠡᠭᠡᠳ᠎ᠨᠢ ᠦᠬᠠᠢ ᠬᠣᠲᠠ᠂ ᠤᠯᠠᠭ᠋ᠠᠨᠬᠠᠳᠠ ᠬᠣᠲᠠ᠂ ᠪᠠᠶᠠᠨᠨᠠᠭᠤᠷ ᠬᠣᠲᠠ᠂ ᠲᠦᠩᠯᠢᠶᠣᠣ ᠬᠣᠲᠠ᠂ ᠬᠥᠯᠥᠨ ᠪᠣᠢ᠌ᠷ ᠬᠣᠲᠠ᠂ ᠬᠢᠩᠭ᠋ᠠᠨ ᠠᠢ᠌ᠮᠠᠭ᠂ ᠰᠢᠯᠢ ᠵᠢᠨ ᠭᠣᠣᠯ ᠠᠢ᠌ᠮᠠᠭ᠂ ᠠᠯᠠᠱ᠌ᠠᠨ ᠠᠢ᠌ᠮᠠᠭ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠵᠢᠯ᠎ᠤᠨ ᠬᠠᠮᠢᠶ᠎ᠠ ᠪᠦᠬᠦᠢ ᠬᠥᠮᠥᠰ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠣᠯᠠᠨ ᠨᠡᠢ᠌ᠲᠡ᠎ᠳᠤ ᠨᠡᠭᠡᠭᠡᠯᠲᠡ ᠬᠢᠬᠦ ᠠᠵᠢᠯᠯᠠᠭ᠎ᠠ᠎ᠨᠢ ᠠᠩᠬᠠᠳᠠᠭᠴᠢ ᠰᠠᠯᠠᠭ᠎ᠠ ᠠᠵᠤ ᠠᠬᠤᠢ᠌ᠯᠠᠯ᠎ᠤᠨ ᠪᠦᠯᠬᠦᠮ ᠨᠡᠢ᠌ᠲᠡ ᠵᠢ ᠤᠭᠲᠤᠨ ᠠᠪᠴᠤ ᠲᠣᠭᠣᠷᠢᠨ ᠦᠵᠡᠭᠦᠯᠪᠡ
ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ ᠠᠵᠢᠯ᠎ᠤᠨ ᠠᠬᠢᠭᠤᠯᠬᠤ ᠬᠤᠷᠠᠯ᠎ᠢ ᠬᠤᠷᠠᠯᠳᠤᠭᠤᠯᠪᠠ
ᠬᠥᠯᠥᠨ ᠪᠣᠢ᠌ᠷ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠠᠩᠬ᠎ᠠ ᠤᠳᠠᠭ᠎ᠠ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ
ᠮᠠᠨ᠎ᠤ ᠲᠢᠩᠬᠢᠮ 2017 ᠣᠨ᠎ᠤ ᠪᠦᠬᠦ ᠣᠷᠣᠨ᠎ᠤ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠠᠵᠢᠯ᠎ᠤᠨ ᠰᠢᠯᠭ᠋ᠠᠨ ᠬᠢᠨᠠᠵᠤ ᠦᠨᠡᠯᠡᠨ ᠰᠢᠯᠭ᠋ᠠᠷᠠᠭᠤᠯᠬᠤ ᠳᠤᠮᠳᠠ ᠲᠡᠷᠢᠭᠦᠨ᠎ᠤ ᠨᠢᠭᠡᠴᠢ ᠵᠢᠨ ᠨᠢᠭᠡᠳᠦᠭᠡᠷ ᠳᠡᠰ᠎ᠤᠨ ᠱᠠᠩᠨᠠᠯ᠎ᠢ ᠲᠣᠰᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
 
             蒙ICP备05000248号