ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠲᠤᠷᠰᠢᠬᠢ ᠡᠯ᠎ᠡ ᠠᠵᠢᠯ ᠲᠥᠷᠥᠯ᠎ᠤᠨ ᠺᠠᠳ᠋ᠷ ᠠᠵᠢᠯᠲᠠᠳ᠎ᠤᠨ ᠳᠦᠷᠢ ᠲᠥᠷᠬᠦ ᠵᠢ ᠢᠯᠡᠷᠡᠭᠦᠯᠬᠦ ᠵᠢᠨ ᠲᠤᠰᠠᠳᠠ᠂ 12 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠥᠪᠯᠡᠯ᠎ᠠᠴᠠ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠣᠢ ᠵᠢ ᠪᠠᠶᠠᠷᠯᠠᠨ ᠪᠡᠯᠭᠡᠯᠡᠬᠦ ᠺᠠᠳ᠋ᠷ ᠠᠵᠢᠯᠲᠠᠳ᠎ᠤᠨ 《ᠣᠨ ᠵᠢᠯ᠎ᠤᠨ ᠮᠠᠭᠲᠠᠭ᠋ᠠᠯ》 ᠤᠷᠠᠨ ᠰᠠᠢ᠌ᠬᠠᠨ᠎ᠤ ᠰᠢᠷᠢᠰ ᠦᠵᠡᠭᠦᠯᠭᠡ ᠵᠢᠨ ᠲᠣᠭᠯᠠᠯᠲᠠ ᠵᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠰᠣᠩᠭᠣᠨ ᠲᠣᠮᠢᠯᠠᠭᠰᠠᠨ ᠵᠦ᠍ ᡁᠢ ᠴᠧᠩ ᠨᠥᠬᠥᠷ ᠤᠷᠠᠨ ᠰᠠᠢ᠌ᠬᠠᠨ᠎ᠤ ᠬᠠᠮᠲᠤᠷᠠᠭᠰᠠᠨ ᠲᠣᠭᠯᠠᠯᠲᠠ᠎ᠳᠤ ᠣᠷᠣᠯᠴᠠᠵᠤ᠂ ᠲᠣᠭᠯᠠᠬᠤ ᠪᠠ ᠪᠣᠯᠪᠠᠰᠤᠷᠠᠬᠤ ᠬᠤᠭᠤᠴᠠᠭ᠋ᠠᠨ᠎ᠳᠤ᠂ ᠵᠦ᠍ ᡁᠢ ᠴᠧᠩ ᠨᠥᠬᠥᠷ ᠲᠡᠰᠪᠦᠷᠢ ᠬᠠᠲᠠᠭᠤᠵᠢᠯᠲᠠᠢ ᠲᠡᠮᠡᠴᠡᠨ᠂ ᠣᠶᠣᠨ ᠬᠦᠴᠦᠨ ᠵᠶ᠋ᠡᠨ ᠲᠥᠪᠯᠡᠷᠡᠭᠦᠯᠦᠨ ᠰᠢᠭᠤᠷᠬᠠᠢ ᠠᠵᠢᠯᠯᠠᠬᠤ ᠠᠵᠢᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠲᠣᠭᠯᠠᠯᠲᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠡᠢ᠃
ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠥᠪᠯᠡᠯ᠎ᠠᠴᠠ ᠲᠠᠯᠠᠷᠬᠠᠯ᠎ᠤᠨ ᠵᠠᠬᠢᠳᠠᠯ ᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠲᠣᠭᠯᠠᠯᠲᠠ ᠡᠷᠬᠢᠯᠡᠬᠦ ᠠᠵᠢᠯ᠎ᠳᠤ ᠶᠡᠬᠡ ᠬᠦᠴᠦᠨ᠎ᠤ ᠳᠡᠮᠵᠢᠯᠭᠡ ᠦᠵᠡᠭᠦᠯᠦᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠭ᠎ᠠ᠎ᠪᠠᠨ ᠢᠯᠡᠳᠬᠡᠵᠦ᠂ ᠵᠦ᠍ ᡁᠢ ᠴᠧᠩ ᠨᠥᠬᠥᠷ᠎ᠤᠨ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ ᠵᠢᠴᠢ ᠲᠣᠭᠯᠠᠯᠲᠠ ᠵᠢᠨ ᠡᠭᠦᠷᠭᠡ ᠵᠢ ᠭᠢᠯᠠᠯᠵᠠᠲᠠᠯ᠎ᠠ ᠪᠡᠶᠡᠯᠡᠭᠦᠯᠦᠭᠰᠡᠨ᠎ᠳᠤ ᠪᠠᠶᠠᠷ ᠲᠠᠯᠠᠷᠬᠠᠯ ᠳᠡᠪᠰᠢᠭᠦᠯᠵᠡᠢ᠃