ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ ᠭᠣᠣᠯᠳᠠᠯᠭ᠎ᠠ᠎ᠲᠠᠢ ᠭᠠᠵᠠᠷ ᠣᠷᠣᠨ᠎ᠤ 2018 — 2019 ᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢ᠌ᠯᠡᠨ ᠵᠠᠰᠠᠬᠤ ᠰᠢᠪᠲᠤᠯᠤᠯᠲᠠ ᠵᠢᠨ ᠠᠵᠢᠯᠯᠠᠭ᠎ᠠ ᠵᠢᠨ ᠤᠬᠠᠭᠤᠯᠭ᠎ᠠ ᠵᠢᠨ ᠠᠵᠢᠯ᠎ᠤᠨ ᠳᠠᠢ᠌ᠴᠢᠯᠠᠯᠲᠠ ᠵᠢᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2018-12-28

      ᠠᠮᠢ ᠠᠬᠤᠢ ᠣᠷᠴᠢᠨ ᠲᠣᠭᠣᠷᠢᠨ᠎ᠤ ᠶᠠᠮᠤᠨ ᠡᠮᠦᠨᠡᠬᠡᠨ ᠪᠡᠭᠡᠵᠢᠩ᠎ᠳᠤ ᠭᠣᠣᠯᠳᠠᠯᠭ᠎ᠠ᠎ᠲᠠᠢ ᠭᠠᠵᠠᠷ ᠣᠷᠣᠨ᠎ᠤ 2018 — 2019 ᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢ᠌ᠯᠡᠭᠰᠡᠨ ᠵᠠᠰᠠᠬᠤ ᠰᠢᠪᠲᠤᠯᠤᠯᠲᠠ ᠵᠢᠨ ᠠᠵᠢᠯᠯᠠᠭ᠎ᠠ ᠵᠢᠨ ᠤᠬᠠᠭᠤᠯᠭ᠎ᠠ ᠵᠢᠨ ᠠᠵᠢᠯ᠎ᠤᠨ ᠳᠠᠢ᠌ᠴᠢᠯᠠᠯᠲᠠ ᠵᠢᠨ ᠬᠤᠷᠠᠯ᠎ᠢ ᠬᠤᠷᠠᠯᠳᠤᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠵᠠᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠵᠢᠨ ᠠᠵᠢᠯ ᠪᠣᠯ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠵᠢᠨ ᠡᠮᠦᠨ᠎ᠡ ᠹᠷᠣᠨᠲ᠎ᠤᠨ ᠪᠡᠬᠢᠯᠡᠯᠲᠡ ᠪᠠ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠣᠳᠣᠬᠠᠨ᠎ᠳᠤ᠂ ᠮᠠᠨ᠎ᠤ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠠᠵᠢᠯ᠎ᠨᠢ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠣᠯᠪᠠᠴᠤ᠂ ᠣᠯᠠᠨ ᠲᠠᠯ᠎ᠠ ᠵᠢᠨ ᠥᠷᠢᠰᠦᠯᠳᠦᠭᠡᠨ᠎ᠳᠤ ᠲᠤᠯᠭ᠋ᠠᠷᠠᠵᠤ᠂ ᠰᠢᠪᠲᠤᠯᠤᠯᠲᠠ ᠵᠢᠨ ᠠᠵᠢᠯᠯᠠᠭ᠎ᠠ ᠵᠢᠨ ᠭᠣᠣᠯᠳᠠᠯᠭ᠎ᠠ᠎ᠲᠠᠢ ᠭᠠᠵᠠᠷ ᠣᠷᠣᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠨᠢ ᠬᠤᠷᠴᠠ ᠰᠡᠷᠭᠡᠭ ᠮᠥᠷᠲᠡᠭᠡᠨ ᠪᠤᠳᠤᠯᠢᠶᠠᠨᠲᠠᠢ ᠪᠠᠢ᠌ᠵᠤ᠂ ᠶᠠᠷᠢᠶ᠎ᠠ ᠬᠡᠯᠡᠯᠴᠡᠭᠡ ᠵᠢ ᠬᠥᠲᠥᠯᠥᠨ ᠵᠢᠯᠣᠭᠣᠳᠬᠤ ᠠᠵᠢᠯ᠎ᠤᠨ ᠡᠭᠦᠷᠭᠡ᠎ᠨᠢ ᠬᠦᠨᠳᠦ ᠪᠠᠢ᠌ᠨ᠎ᠠ᠃ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠵᠢᠨ ᠰᠠᠯᠠᠭ᠎ᠠ ᠮᠥᠴᠢᠷ᠎ᠤᠨ᠎ᠬᠢᠨ ᠨᠠᠮᠤᠷ ᠡᠪᠦᠯ᠎ᠤᠨ ᠤᠯᠠᠷᠢᠯ᠎ᠤᠨ ᠰᠢᠪᠲᠤᠯᠤᠯᠲᠠ ᠵᠢᠨ ᠠᠵᠢᠯᠯᠠᠭ᠎ᠠ ᠵᠢᠨ ᠭᠣᠣᠯ ᠬᠦᠴᠦᠨ ᠴᠡᠷᠢᠭ ᠪᠠ ᠭᠠᠪᠰᠢᠭ᠋ᠠᠢ ᠠᠩᠭᠢ ᠵᠢᠨ ᠡᠭᠦᠷᠭᠡ ᠵᠢ ᠡᠭᠦᠷᠭᠡᠯᠡᠵᠦ᠂ ᠰᠢᠪᠲᠤᠯᠤᠯᠲᠠ ᠵᠢᠨ ᠠᠵᠢᠯᠯᠠᠭ᠎ᠠ ᠵᠢᠨ ᠠᠷᠭ᠎ᠠ ᠬᠡᠮᠵᠢᠶ᠎ᠡ᠂ ᠠᠵᠢᠯ᠎ᠤᠨ ᠠᠬᠢᠯᠲᠠ ᠪᠠ ᠣᠯᠣᠭᠰᠠᠨ ᠠᠮᠵᠢᠯᠲᠠ ᠪᠦᠲᠦᠮᠵᠢ ᠵᠢ ᠶᠡᠬᠡ ᠬᠦᠴᠦᠨ ᠵᠶ᠋ᠡᠷ ᠤᠬᠠᠭᠤᠯᠤᠨ᠂ ᠪᠦᠬᠦ ᠨᠡᠢ᠌ᠭᠡᠮ᠎ᠤᠨ ᠬᠦᠴᠦᠨ᠎ᠢ ᠥᠷᠭᠡᠨ ᠵᠶ᠋ᠡᠷ ᠳᠠᠢ᠌ᠴᠢᠯᠠᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠣᠷᠣᠯᠴᠠᠭᠤᠯᠵᠤ᠂ ᠰᠢᠪᠲᠤᠯᠤᠯᠲᠠ ᠵᠢᠨ ᠠᠵᠢᠯᠯᠠᠭ᠎ᠠ ᠵᠢ ᠰᠠᠢ᠌ᠲᠤᠷ ᠬᠢᠬᠦ᠎ᠳᠤ ᠴᠢᠩᠭ᠎ᠠ ᠬᠦᠴᠦᠨ ᠪᠦᠬᠦᠢ ᠪᠠᠲᠤᠯᠠᠭ᠎ᠠ ᠪᠣᠯᠵᠤ᠂ ᠬᠦᠴᠦᠷᠬᠡᠭ ᠶᠡᠬᠡ ᠣᠶᠣᠨ᠎ᠤ ᠬᠥᠳᠡᠯᠭᠡᠭᠴᠢ ᠬᠦᠴᠦᠨ᠎ᠢ ᠬᠠᠩᠭ᠋ᠠᠨ᠂ ᠶᠠᠷᠢᠶ᠎ᠠ ᠬᠡᠯᠡᠯᠴᠡᠭᠡᠨ᠎ᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠢ ᠪᠣᠯᠭ᠋ᠠᠬᠤ ᠬᠡᠷᠡᠭᠲᠡᠢ ᠭᠡᠵᠡᠢ᠃
      ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠪᠡᠭᠡᠵᠢᠩ ᠲᠢᠶᠠᠨᠵᠢᠨ ᠾᠧᠪᠧᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠂ ᠬᠥᠬᠡ ᠮᠥᠷᠡᠨ᠎ᠤ ᠭᠤᠷᠪᠠᠯᠵᠢᠨ ᠬᠣᠢ᠌ᠭ ᠪᠠ ᠹᠧᠨ ᠸᠧᠢ ᠵᠢᠨ ᠲᠠᠯ᠎ᠠ ᠭᠠᠵᠠᠷ ᠵᠡᠷᠭᠡ ᠪᠣᠯ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠣᠣᠯᠳᠠᠯᠭ᠎ᠠ᠎ᠲᠠᠢ ᠭᠠᠵᠠᠷ ᠣᠷᠣᠨ ᠪᠣᠯᠬᠤ᠎ᠪᠠᠷ ᠪᠠᠷᠠᠬᠤ ᠦᠭᠡᠢ᠂ ᠰᠢᠪᠲᠤᠯᠤᠯᠲᠠ ᠵᠢᠨ ᠠᠵᠢᠯᠯᠠᠭ᠎ᠠ ᠵᠢᠨ ᠭᠣᠣᠯ ᠳᠠᠢ᠌ᠨ᠎ᠤ ᠲᠠᠯᠠᠪᠤᠷ ᠪᠠᠢ᠌ᠵᠤ᠂ ᠤᠬᠠᠭᠤᠯᠭ᠎ᠠ ᠵᠢᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠵᠢ ᠣᠨᠣᠪᠴᠢᠲᠠᠢ ᠡᠵᠡᠮᠳᠡᠬᠦ ᠵᠢᠨ ᠬᠠᠮᠲᠤ᠂ ᠤᠬᠠᠭᠤᠯᠭ᠎ᠠ ᠵᠢᠨ ᠲᠠᠯ᠎ᠠ᠎ᠪᠠᠷ ᠬᠡᠪ ᠳᠠᠭᠤᠷᠢᠶᠠᠯ᠂ ᠥᠯᠢᠭᠡᠷ ᠵᠢᠱ᠌ᠢᠶ᠎ᠡ ᠪᠠ ᠵᠢᠱ᠌ᠢᠶᠡᠴᠢ ᠳᠠᠭ᠋ᠠᠭᠤᠯᠤᠭᠴᠢ ᠪᠣᠯᠬᠤ ᠬᠡᠷᠡᠭᠲᠡᠢ᠃ ᠰᠣᠨᠢᠨ ᠮᠡᠳᠡᠭᠡ ᠨᠡᠢ᠌ᠲᠡᠯᠡᠬᠦ ᠵᠢ ᠰᠠᠢ᠌ᠲᠤᠷ ᠬᠢᠵᠦ᠂ ᠵᠥᠪᠯᠡᠬᠦ ᠰᠡᠳᠦᠪ ᠲᠣᠬᠢᠷᠠᠭᠤᠯᠬᠤ ᠵᠢ ᠴᠢᠩᠭ᠋ᠠᠳᠬᠠᠬᠤ ᠬᠡᠷᠡᠭᠲᠡᠢ᠃ ᠡᠯ᠎ᠡ ᠭᠣᠣᠯᠳᠠᠯᠭ᠎ᠠ᠎ᠲᠠᠢ ᠭᠠᠵᠠᠷ ᠣᠷᠣᠨ᠎ᠤ᠎ᠬᠢᠨ ᠰᠠᠷ᠎ᠠ ᠪᠦᠷᠢ ᠨᠢᠭᠡ ᠤᠳᠠᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠬᠤᠷᠠᠯᠳᠤᠭᠤᠯᠤᠨ᠂ ᠥᠯᠥ ᠦᠢ᠍ᠯᠡᠳᠬᠦᠢ᠂ ᠳᠤᠷ᠎ᠠ᠎ᠪᠠᠷ ᠦᠢ᠍ᠯᠡᠳᠬᠦᠢ ᠵᠢᠨ ᠬᠠᠤᠯᠢ᠎ᠠᠴᠠ ᠵᠥᠷᠢᠴᠡᠭᠰᠡᠨ ᠨᠡᠢ᠌ᠲᠡᠯᠢᠭ ᠬᠡᠷᠡᠭ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠴᠢᠯᠡᠵᠦ᠂ ᠰᠢᠪᠲᠤᠯᠤᠯᠲᠠ ᠵᠢᠨ ᠠᠵᠢᠯᠯᠠᠭ᠎ᠠ ᠵᠢᠨ ᠲᠣᠭᠣᠷᠢᠨ᠎ᠳᠤ ᠰᠤᠷᠪᠤᠯᠵᠢᠯᠠᠨ ᠮᠡᠳᠡᠭᠡᠯᠡᠬᠦ ᠵᠢ ᠵᠣᠬᠢᠶᠠᠨ ᠪᠠᠢ᠌ᠭᠤᠯᠵᠤ᠂ ᠵᠠᠰᠠᠯᠲᠠ ᠬᠢᠭᠰᠡᠨ ᠦᠷ᠎ᠡ ᠪᠦᠲᠦᠮᠵᠢ ᠵᠢ ᠤᠬᠠᠭᠤᠯᠤᠨ᠂ ᠬᠥᠮᠥᠰ᠎ᠤᠨ ᠢᠲᠡᠭᠡᠯ ᠵᠣᠷᠢᠭ᠎ᠢ ᠴᠢᠩᠭ᠋ᠠᠷᠠᠭᠤᠯᠬᠤ ᠬᠡᠷᠡᠭᠲᠡᠢ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠭᠦᠢ᠍ᠴᠡᠳ ᠪᠥᠭᠡᠳ ᠰᠠᠢ᠌ᠲᠤᠷ ᠬᠡᠷᠡᠭᠯᠡᠵᠦ᠂ ᠲᠡᠭᠦᠨ᠎ᠤ ᠰᠣᠨᠢᠨ ᠮᠡᠳᠡᠭᠡ ᠵᠢᠨ ᠤᠬᠠᠭᠤᠯᠭ᠎ᠠ ᠬᠢᠬᠦ᠂ ᠶᠠᠷᠢᠶ᠎ᠠ ᠬᠡᠯᠡᠯᠴᠡᠭᠡ ᠵᠢ ᠬᠥᠲᠥᠯᠥᠨ ᠵᠢᠯᠣᠭᠣᠳᠬᠤ ᠪᠠ ᠡᠬᠢ ᠪᠠᠶᠠᠯᠢᠭ᠎ᠢ ᠨᠡᠢ᠌ᠯᠡᠭᠦᠯᠦᠨ ᠨᠢᠭᠡᠳᠬᠡᠬᠦ ᠲᠠᠯ᠎ᠠ᠎ᠪᠠᠷ᠎ᠬᠢ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠴᠢᠬᠤᠯᠠ ᠶᠡᠬᠡ ᠮᠡᠳᠡᠭᠡ ᠵᠠᠩᠭᠢ ᠵᠢ ᠳᠠᠮᠵᠢᠭᠤᠯᠤᠨ ᠨᠡᠪᠲᠡᠷᠡᠭᠦᠯᠬᠦ᠎ᠳᠤ᠎ᠪᠠᠨ ᠢᠵᠢᠯᠢ ᠬᠠᠷᠠᠭ᠋ᠠᠰᠤ᠎ᠠᠴᠠ ᠬᠠᠮᠲᠤ᠎ᠳᠤ᠎ᠪᠠᠨ ᠴᠤᠤᠷᠢᠶᠠᠲᠤᠨ᠂ ᠪᠦᠬᠦᠯᠢ ᠴᠣᠭᠴᠠ᠎ᠪᠠᠷ ᠵᠶ᠋ᠠᠨ ᠤᠷᠢᠶᠠᠯᠠᠭ᠎ᠠ ᠭᠠᠷᠭ᠋ᠠᠬᠤ ᠬᠡᠷᠡᠭᠲᠡᠢ᠃ ᠪᠦᠬᠦ ᠨᠡᠢ᠌ᠭᠡᠮ ᠵᠶ᠋ᠡᠷ ᠵᠶ᠋ᠡᠨ ᠬᠠᠮᠲᠤ᠎ᠪᠠᠷ ᠬᠥᠳᠡᠯᠦᠯᠴᠡᠬᠦ ᠵᠢ ᠭᠦᠢ᠍ᠴᠡᠳ ᠤᠬᠠᠭᠤᠯᠤᠨ ᠳᠠᠢ᠌ᠴᠢᠯᠠᠵᠤ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠦᠢ᠍ᠯᠡᠳᠦᠯᠭᠡᠵᠢᠭᠦᠯᠦᠭᠴᠢ ᠮᠥᠨ》 ᠭᠡᠬᠦ ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠂ ᠣᠷᠴᠢᠨ   ᠲᠣᠭᠣᠷᠢᠨ ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢ ᠣᠯᠠᠨ ᠲᠦᠮᠡᠨ᠎ᠳᠤ ᠨᠡᠭᠡᠭᠡᠯᠲᠡ ᠬᠢᠬᠦ ᠠᠵᠢᠯ᠎ᠢ ᠶᠡᠬᠡ ᠬᠦᠴᠦᠨ ᠵᠶ᠋ᠡᠷ ᠠᠬᠢᠭᠤᠯᠵᠤ᠂ ᠨᠡᠩ ᠣᠯᠠᠨ ᠬᠥᠮᠥᠰ᠎ᠢ ᠳᠠᠢ᠌ᠴᠢᠯᠠᠨ ᠰᠢᠪᠲᠤᠯᠤᠯᠲᠠ ᠵᠢᠨ ᠠᠵᠢᠯᠯᠠᠭ᠎ᠠ᠎ᠳᠤ ᠣᠷᠣᠯᠴᠠᠭᠤᠯᠬᠤ ᠬᠡᠷᠡᠭᠲᠡᠢ ᠭᠡᠵᠡᠢ᠃
      ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠤᠬᠠᠭᠤᠯᠭ᠎ᠠ ᠵᠢᠨ ᠠᠵᠢᠯ᠎ᠨᠢ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠲᠤᠭ ᠲᠡᠮᠳᠡᠭ ᠢᠯᠡ ᠲᠣᠳᠣᠷᠬᠠᠢ᠎ᠪᠠᠷ ᠤᠯᠤᠰ ᠲᠥᠷᠥ ᠵᠢ ᠡᠷᠬᠢᠮᠯᠡᠬᠦ ᠬᠡᠷᠡᠭᠲᠡᠢ᠃ ᠬᠠᠷᠢᠭᠤᠴᠠᠯᠭ᠎ᠠ᠎ᠪᠠᠨ ᠲᠣᠳᠣᠷᠬᠠᠢ᠌ᠯᠠᠨ᠂ ᠣᠷᠣᠨ ᠨᠤᠲᠤᠭ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠤ ᠬᠣᠯᠪᠣᠭᠳᠠᠭᠰᠠᠨ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠳᠤ 《ᠬᠠᠷᠢᠶᠠᠯᠠᠭᠳᠠᠬᠤ ᠭᠠᠵᠠᠷ ᠵᠶ᠋ᠠᠷ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠣᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ》 ᠵᠠᠷᠴᠢᠮ ᠶᠣᠰᠣᠭ᠋ᠠᠷ ᠴᠠᠭ ᠲᠤᠬᠠᠢ᠎ᠳᠤ᠎ᠨᠢ ᠬᠠᠷᠢᠭᠤ ᠲᠤᠰᠬᠠᠬᠤ ᠬᠡᠷᠡᠭᠲᠡᠢ᠃ ᠰᠣᠨᠢᠨ ᠮᠡᠳᠡᠭᠡᠨ᠎ᠤ ᠤᠬᠠᠭᠤᠯᠭ᠎ᠠ ᠵᠢᠨ ᠠᠵᠢᠯ᠎ᠤᠨ ᠴᠠᠭ᠂ ᠬᠡᠮᠵᠢᠶ᠎ᠡ᠂ ᠦᠷ᠎ᠡ ᠪᠦᠲᠦᠮᠵᠢ ᠵᠢ ᠰᠠᠢ᠌ᠲᠤᠷ ᠡᠵᠡᠮᠳᠡᠨ᠂ ᠤᠬᠠᠭᠤᠯᠭ᠎ᠠ ᠵᠢᠨ ᠠᠵᠢᠯ᠎ᠤᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠪᠠ ᠢᠲᠡᠭᠡᠭᠦᠯᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠠᠵᠢᠯ᠎ᠤᠨ ᠣᠪᠣᠷ ᠰᠤᠷᠲᠠᠯ ᠵᠶ᠋ᠠᠨ ᠤᠯᠠᠮ ᠨᠢᠭᠡ ᠠᠯᠬᠤᠮ ᠰᠠᠢ᠌ᠵᠢᠷᠠᠭᠤᠯᠤᠨ᠂ 《ᠴᠢᠩᠭ᠎ᠠ᠂ ᠦᠨᠡᠨ᠂ ᠨᠠᠷᠢᠯᠢᠭ᠂ ᠪᠣᠳᠠᠲᠠᠢ᠂ ᠲᠦᠷᠭᠡᠨ》 ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠵᠢᠯ ᠵᠶ᠋ᠠᠨ ᠬᠠᠮᠤᠭ᠎ᠤᠨ ᠵᠢᠵᠢᠭ ᠵᠦᠢ᠍ᠯ᠎ᠳᠤ ᠬᠦᠷᠲᠡᠯ᠎ᠡ ᠨᠠᠢ᠌ᠳᠠᠪᠤᠷᠢᠵᠢᠭᠤᠯᠤᠨ᠂ ᠨᠡᠩ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ᠃ ᠰᠠᠭᠤᠷᠢ ᠴᠢᠳᠠᠪᠤᠷᠢ᠎ᠪᠠᠨ ᠴᠢᠩᠭ᠋ᠠᠷᠠᠭᠤᠯᠤᠨ᠂ ᠤᠬᠠᠭᠤᠯᠭ᠎ᠠ ᠬᠢᠬᠦ ᠬᠥᠮᠥᠨ᠎ᠤ ᠬᠦᠴᠦᠨ᠂ ᠪᠣᠳᠠᠰ᠎ᠤᠨ ᠬᠦᠴᠦᠨ᠂ ᠡᠳ᠋᠎ᠤᠨ ᠬᠦᠴᠦᠨ᠎ᠤ ᠣᠷᠣᠭᠤᠯᠤᠯᠲᠠ᠎ᠪᠠᠨ ᠨᠡᠮᠡᠭᠳᠡᠭᠦᠯᠬᠦ ᠬᠡᠷᠡᠭᠲᠡᠢ᠃ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ᠎ᠪᠠᠨ ᠪᠡᠶᠡᠯᠡᠭᠦᠯᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠡᠨᠡ ᠬᠦ᠌ ᠰᠢᠪᠲᠤᠯᠤᠯᠲᠠ ᠵᠢᠨ ᠠᠵᠢᠯᠯᠠᠭ᠎ᠠ ᠵᠢᠨ ᠤᠬᠠᠭᠤᠯᠭ᠎ᠠ ᠵᠢᠨ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠬᠡᠷᠡᠭᠲᠡᠢ ᠭᠡᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠣᠨ ᠵᠢᠯ᠎ᠤᠨ ᠮᠠᠭᠲᠠᠭ᠋ᠠᠯ》 ᠰᠢᠷᠢᠰ ᠦᠵᠡᠭᠦᠯᠭᠡ ᠵᠢᠨ ᠲᠣᠭᠯᠠᠯᠲᠠ᠎ᠳᠤ ᠰᠢᠨ᠎ᠡ ᠳᠦᠷᠢ ᠲᠥᠷᠬᠦ ᠵᠢ ᠢᠯᠡᠷᠡᠭᠦᠯᠪᠡ
ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ᠎ᠳᠤ ᠨᠡᠢ᠌ᠳᠡᠮ᠎ᠳᠤ᠎ᠨᠢ ᠪᠠᠢ᠌ᠴᠠᠭ᠋ᠠᠯᠲᠠ ᠬᠢᠬᠦ ᠠᠯᠪᠠᠨ ᠭᠡᠷ᠎ᠠᠴᠠ ᠪᠦᠬᠦ ᠣᠷᠣᠨ᠎ᠤ ᠨᠡᠢ᠌ᠳᠡᠮ᠎ᠳᠤ᠎ᠨᠢ ᠪᠠᠢ᠌ᠴᠠᠭ᠋ᠠᠵᠤ ᠡᠷᠦᠬᠡ᠎ᠳᠤ ᠣᠷᠣᠵᠤ ᠪᠠᠢ᠌ᠴᠠᠭ᠋ᠠᠭᠰᠠᠨ ᠲᠣᠭ᠎ᠠ ᠪᠠᠷᠢᠮᠲᠠ ᠵᠢ ᠲᠥᠪᠯᠡᠷᠡᠭᠦᠯᠵᠦ ᠬᠢᠨᠠᠨ ᠬᠠᠷᠭᠤᠭᠤᠯᠬᠤ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠣᠯᠠᠨ ᠨᠡᠢ᠌ᠲᠡ᠎ᠳᠤ ᠨᠡᠭᠡᠭᠡᠯᠲᠡ ᠬᠢᠬᠦ ᠠᠵᠢᠯᠯᠠᠭ᠎ᠠ᠎ᠨᠢ ᠠᠩᠬᠠᠳᠠᠭᠴᠢ ᠰᠠᠯᠠᠭ᠎ᠠ ᠠᠵᠤ ᠠᠬᠤᠢ᠌ᠯᠠᠯ᠎ᠤᠨ ᠪᠦᠯᠬᠦᠮ ᠨᠡᠢ᠌ᠲᠡ ᠵᠢ ᠤᠭᠲᠤᠨ ᠠᠪᠴᠤ ᠲᠣᠭᠣᠷᠢᠨ ᠦᠵᠡᠭᠦᠯᠪᠡ
ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ ᠠᠵᠢᠯ᠎ᠤᠨ ᠠᠬᠢᠭᠤᠯᠬᠤ ᠬᠤᠷᠠᠯ᠎ᠢ ᠬᠤᠷᠠᠯᠳᠤᠭᠤᠯᠪᠠ
ᠬᠥᠯᠥᠨ ᠪᠣᠢ᠌ᠷ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠠᠩᠬ᠎ᠠ ᠤᠳᠠᠭ᠎ᠠ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ
 
             蒙ICP备05000248号