《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 2018 ᠣᠨ᠎ᠤ ᠤᠳᠤᠷᠢᠳᠬᠤ ᠪᠠᠭ᠎ᠤᠨ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠬᠡᠷᠡᠭᠵᠢᠭᠦᠯᠬᠦ ᠲᠥᠰᠥᠯ》᠎ᠤᠨ ᠲᠣᠬᠢᠷᠠᠭᠤᠯᠤᠯᠲᠠ ᠶᠣᠰᠣᠭ᠋ᠠᠷ᠂ 1 ᠳ᠋ᠦ᠍ᠭᠡᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠤᠳᠤᠷᠢᠳᠬᠤ ᠪᠠᠭ᠎ᠤᠨ᠎ᠬᠢᠨ᠎ᠤ 2018 ᠣᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠵᠤ᠂ ᠲᠢᠩᠬᠢᠮ᠎ᠤᠨ ᠤᠳᠤᠷᠢᠳᠬᠤ ᠪᠠᠭ ᠵᠢᠴᠢ ᠤᠳᠤᠷᠢᠳᠬᠤ ᠪᠠᠭ᠎ᠤᠨ ᠭᠡᠰᠢᠭᠦᠳ᠎ᠤᠨ 2018 ᠣᠨ᠎ᠤ ᠠᠵᠢᠯ ᠵᠶ᠋ᠠᠨ ᠥᠷᠨᠢᠭᠦᠯᠦᠭᠰᠡᠨ ᠪᠠᠢ᠌ᠳᠠᠯ᠎ᠳᠠᠬᠢ ᠰᠠᠨᠠᠯ᠎ᠢ ᠬᠤᠷᠢᠶᠠᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠤᠷᠠᠯ ᠡᠷᠬᠢᠯᠡᠭᠰᠡᠨ᠎ᠤ ᠬᠠᠮᠲᠤ ᠳᠤᠷᠠᠳᠤᠨ ᠭᠠᠷᠭ᠋ᠠᠭᠰᠠᠨ ᠰᠠᠨᠠᠯ ᠪᠠ ᠰᠠᠨᠠᠭᠤᠯᠭ᠎ᠠ᠎ᠳᠤ ᠬᠠᠷᠢᠭᠤ ᠲᠤᠰᠬᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ᠂ ᠳᠤᠭᠤᠢ᠌ᠯᠠᠩ᠎ᠤᠨ ᠳᠡᠳ᠋ ᠳᠠᠷᠤᠭ᠎ᠠ ᠭᠤᠤ ᠭᠤᠸᠠᠨ ᠫᠢᠩ ᠬᠤᠷᠠᠯ᠎ᠳᠤ ᠣᠷᠣᠯᠴᠠᠪᠠ᠃ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠳ᠂ ᠠᠵᠢᠯ᠎ᠠᠴᠠ᠎ᠪᠠᠨ ᠠᠮᠠᠷᠠᠭᠰᠠᠨ ᠺᠠᠳ᠋ᠷ᠎ᠤᠨ ᠲᠥᠯᠥᠭᠡᠯᠡᠭᠴᠢᠳ᠂ ᠨᠠᠮ᠎ᠤᠨ ᠭᠡᠰᠢᠭᠦᠨ᠎ᠤ ᠲᠥᠯᠥᠭᠡᠯᠡᠭᠴᠢᠳ᠂ ᠨᠠᠮ᠎ᠤᠨ ᠭᠠᠳᠠᠨᠠᠬᠢ ᠬᠥᠮᠥᠰ ᠵᠢᠴᠢ ᠦᠢ᠍ᠯᠡᠴᠢᠯᠡᠬᠦ ᠡᠲᠡᠭᠡᠳ ᠵᠡᠷᠭᠡ ᠲᠤᠰ ᠲᠤᠰ ᠦᠭᠡ ᠶᠠᠷᠢᠭᠰᠠᠨᠤ ᠬᠠᠮᠲᠤ ᠰᠠᠨᠠᠯ ᠰᠠᠨᠠᠭᠤᠯᠭ᠎ᠠ ᠳᠤᠷᠠᠳᠴᠠᠢ᠃