ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠬᠥᠯᠥᠨ ᠪᠣᠢ᠌ᠷ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠠᠩᠬ᠎ᠠ ᠤᠳᠠᠭ᠎ᠠ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2018-12-27

        ᠣᠢ᠌ᠷ᠎ᠠ᠎ᠳᠤ᠂ ᠬᠥᠯᠥᠨ ᠪᠣᠢ᠌ᠷ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ 《ᠳ᠋ᠠ ᠲᠠᠩ ᠬᠥᠯᠥᠨ ᠪᠣᠢ᠌ᠷ᠎ᠤᠨ ᠬᠢᠮᠢ ᠵᠢᠨ ᠪᠣᠷᠳᠣᠭᠤᠷ᠎ᠤᠨ ᠬᠢᠵᠠᠭ᠋ᠠᠷᠲᠤ ᠺᠣᠮᠫᠠᠨᠢ ᠵᠢᠨ 2# ᠵᠤᠤᠬ᠎ᠠ᠎ᠨᠢ ᠤᠲᠤᠭ᠎ᠠ ᠲᠣᠭᠣᠰᠣ᠎ᠪᠠᠨ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ᠪᠠ ᠤᠰᠤ ᠭᠠᠳᠠᠭᠰᠢᠯᠠᠭᠤᠯᠬᠤ ᠠᠮᠠᠰᠠᠷ᠎ᠤᠨ ᠰᠦᠯᠵᠢᠶ᠎ᠡ᠎ᠪᠠᠷ ᠬᠢᠨᠠᠨ ᠬᠡᠮᠵᠢᠬᠦ ᠲᠣᠭ᠎ᠠ ᠪᠠᠷᠢᠮᠲᠠ COD᠎ᠪᠠᠨ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ》 ᠬᠡᠷᠡᠭ᠎ᠤᠨ ᠲᠤᠬᠠᠢ ᠢᠯᠡ᠎ᠪᠠᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ᠂ ᠡᠨᠡ᠎ᠨᠢ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠠᠩᠬ᠎ᠠ ᠤᠳᠠᠭ᠋ᠠᠨ᠎ᠤ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠭᠡᠷᠡᠴᠢᠯᠡᠭᠡ ᠰᠣᠨᠣᠰᠬᠤ ᠬᠤᠷᠠᠯ ᠪᠣᠯᠣᠨ᠎ᠠ᠃
      ᠭᠡᠷᠡᠴᠢᠯᠡᠭᠡ ᠰᠣᠨᠣᠰᠬᠤ ᠬᠤᠷᠠᠯ᠎ᠢ ᠬᠥᠯᠥᠨ ᠪᠣᠢ᠌ᠷ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠡᠷᠬᠢᠯᠡᠵᠦ᠂ ᠲᠣᠪᠴᠢᠶ᠎ᠠ ᠵᠢᠨ ᠪᠤᠰᠤᠳ ᠬᠣᠯᠪᠣᠭᠳᠠᠯ ᠪᠦᠬᠦᠢ ᠬᠥᠮᠥᠰ᠎ᠨᠢ ᠲᠤᠰ ᠲᠤᠰ ᠬᠡᠷᠡᠭ᠎ᠢ ᠪᠠᠢ᠌ᠴᠠᠭ᠋ᠠᠭᠴᠢ᠂ ᠬᠢᠨᠠᠨ ᠪᠠᠢ᠌ᠴᠠᠭ᠋ᠠᠭᠴᠢ᠂ ᠭᠡᠷᠡᠴᠢᠯᠡᠭᠡ ᠰᠣᠨᠣᠰᠤᠭᠴᠢ᠂ ᠰᠤᠯᠠ ᠰᠣᠨᠣᠰᠤᠭᠴᠢ᠂ ᠬᠠᠤᠯᠢ ᠴᠠᠭ᠋ᠠᠵᠠ ᠵᠢᠨ ᠵᠥᠪᠯᠡᠭᠴᠢ ᠪᠣᠯᠵᠤ᠂ ᠳ᠋ᠠ ᠲᠠᠩ ᠬᠥᠯᠥᠨ ᠪᠣᠢ᠌ᠷ᠎ᠤᠨ ᠬᠢᠮᠢ ᠵᠢᠨ ᠪᠣᠷᠳᠣᠭᠤᠷ᠎ᠤᠨ ᠬᠢᠵᠠᠭ᠋ᠠᠷᠲᠤ ᠺᠣᠮᠫᠠᠨᠢ᠎ᠨᠢ ᠲᠤᠬᠠᠢ᠌ᠲᠠᠢ ᠬᠥᠮᠥᠨ᠎ᠤ ᠬᠤᠪᠢ᠎ᠪᠠᠷ᠂ ᠬᠣᠲᠠ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠪ ᠥᠷᠲᠡᠭᠡ᠂ ᠪᠣᠬᠢᠷᠲᠤᠯ᠎ᠤᠨ ᠡᠬᠢ ᠰᠤᠷᠪᠤᠯᠵᠢ ᠵᠢᠨ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ ᠵᠢᠴᠢ ᠰᠦᠯᠵᠢᠶ᠎ᠡ᠎ᠪᠠᠷ ᠬᠢᠨᠠᠨ ᠡᠵᠡᠮᠳᠡᠬᠦ ᠲᠥᠬᠥᠭᠡᠷᠦᠮᠵᠢ ᠵᠢ ᠠᠵᠢᠯᠯᠠᠭᠤᠯᠤᠨ ᠪᠠᠲᠤᠯᠠᠬᠤ ᠰᠠᠯᠠᠭ᠎ᠠ ᠮᠥᠴᠢᠷ᠎ᠨᠢ ᠭᠤᠷᠪᠠᠳᠠᠭᠴᠢ ᠬᠥᠮᠥᠨ᠎ᠤ ᠬᠤᠪᠢ᠎ᠪᠠᠷ ᠬᠤᠷᠠᠯ᠎ᠳᠤ ᠣᠷᠣᠯᠴᠠᠪᠠ᠃ ᠡᠯ᠎ᠡ ᠲᠠᠯ᠎ᠠ ᠵᠢᠨ᠎ᠬᠢᠨ ᠬᠠᠤᠯᠢ ᠴᠠᠭ᠋ᠠᠵᠠ᠎ᠠᠴᠠ ᠵᠥᠷᠢᠴᠡᠨ ᠳᠦᠷᠢᠮ ᠲᠣᠭᠲᠠᠭ᠋ᠠᠯ᠎ᠠᠴᠠ ᠵᠥᠷᠢᠴᠡᠭᠰᠡᠨ ᠪᠣᠳᠠᠲᠤ ᠬᠡᠷᠡᠭ ᠣᠷᠣᠰᠢᠬᠤ ᠡᠰᠡᠬᠦ᠂ ᠬᠠᠷᠢᠭᠤᠴᠠᠯᠭ᠎ᠠ ᠵᠢᠨ ᠶᠡᠬᠡ ᠪᠠᠭ᠎ᠠ ᠪᠠ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠰᠠᠨᠠᠭᠤᠯᠭ᠎ᠠ᠎ᠨᠢ ᠬᠠᠤᠯᠢ᠎ᠳᠤ ᠨᠡᠢ᠌ᠴᠡᠬᠦ ᠡᠰᠡᠬᠦ᠂ ᠵᠦᠢ ᠵᠣᠬᠢᠰᠲᠠᠢ ᠡᠰᠡᠬᠦ ᠵᠡᠷᠭᠡ ᠪᠣᠳᠠᠲᠠᠢ ᠠᠰᠠᠭᠤᠳᠠᠯ᠎ᠤᠨ ᠲᠣᠭᠣᠷᠢᠨ᠎ᠳᠤ ᠴᠢᠩᠭ᠎ᠠ ᠨᠢᠭᠲᠠᠷᠠᠵᠤ ᠮᠠᠷᠭᠤᠯᠳᠤᠭ᠋ᠠᠨ ᠶᠠᠪᠤᠭᠤᠯᠵᠠᠢ᠃
      ᠬᠤᠷᠠᠯ ᠳᠡᠭᠡᠷ᠎ᠡ᠂ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠬᠡᠷᠡᠭ᠎ᠢ ᠪᠠᠢ᠌ᠴᠠᠭ᠋ᠠᠭᠴᠢ᠎ᠠᠴᠠ ᠲᠤᠬᠠᠢ᠌ᠲᠠᠢ ᠬᠥᠮᠥᠨ᠎ᠤ ᠬᠠᠤᠯᠢ ᠴᠠᠭ᠋ᠠᠵᠠ᠎ᠠᠴᠠ ᠵᠥᠷᠢᠴᠡᠭᠰᠡᠨ ᠪᠣᠳᠠᠲᠤ ᠬᠡᠷᠡᠭ᠎ᠢ ᠲᠣᠭ᠋ᠠᠴᠢᠨ ᠥᠭᠦᠯᠡᠵᠦ᠂ ᠭᠡᠷᠡᠴᠢ ᠪᠠᠷᠢᠮᠲᠠ ᠭᠠᠷᠭ᠋ᠠᠭᠰᠠᠨ᠎ᠤ ᠬᠠᠮᠲᠤ᠂ ᠲᠣᠷᠭ᠋ᠠᠭᠤᠯᠢ ᠶᠠᠪᠤᠭᠤᠯᠬᠤ ᠠᠩᠬ᠎ᠠ ᠠᠯᠬᠤᠮ᠎ᠤᠨ ᠰᠠᠨᠠᠯ ᠪᠠ ᠦᠨᠳᠦᠰᠦᠯᠡᠯ ᠵᠶ᠋ᠠᠨ ᠳᠤᠷᠠᠳᠴᠤ᠂ ᠲᠤᠬᠠᠢ᠌ᠲᠠᠢ ᠬᠥᠮᠥᠨ ᠲᠣᠭ᠋ᠠᠴᠢᠨ ᠥᠭᠦᠯᠡᠭᠰᠡᠨ ᠪᠠ ᠵᠥᠪᠲᠦᠭᠡᠨ ᠲᠣᠳᠣᠷᠬᠠᠢ᠌ᠯᠠᠵᠤ᠂ ᠪᠣᠳᠠᠲᠤ ᠬᠡᠷᠡᠭ᠎ᠤᠨ ᠰᠢᠯᠲᠠᠭ᠋ᠠᠨ ᠦᠨᠳᠦᠰᠦᠯᠡᠯ ᠪᠠ ᠭᠡᠷᠡᠴᠢ ᠪᠠᠷᠢᠮᠲᠠ᠎ᠪᠠᠨ ᠳᠤᠷᠠᠳᠤᠨ᠂ ᠭᠤᠷᠪᠠᠳᠠᠭᠴᠢ ᠬᠥᠮᠥᠨ ᠥᠭᠦᠯᠡᠨ ᠲᠣᠭ᠋ᠠᠴᠢᠵᠤ᠂ ᠪᠣᠳᠠᠲᠤ ᠬᠡᠷᠡᠭ᠎ᠤᠨ ᠰᠢᠯᠲᠠᠭ᠋ᠠᠨ ᠦᠨᠳᠦᠰᠦᠯᠡᠯ ᠪᠠ ᠭᠡᠷᠡᠴᠢ ᠪᠠᠷᠢᠮᠲᠠ᠎ᠪᠠᠨ ᠳᠤᠷᠠᠳᠪᠠ᠃ ᠬᠡᠷᠡᠭ᠎ᠢ ᠪᠠᠢ᠌ᠴᠠᠭ᠋ᠠᠭᠴᠢ᠂ ᠲᠤᠬᠠᠢ᠌ᠲᠠᠢ ᠬᠥᠮᠥᠨ᠂ ᠭᠤᠷᠪᠠᠳᠠᠭᠴᠢ ᠬᠥᠮᠥᠨ ᠲᠤᠰ ᠲᠤᠰ ᠲᠤᠯᠭ᠋ᠠᠨ ᠭᠡᠷᠡᠴᠢᠯᠡᠭᠰᠡᠨ ᠪᠠ ᠮᠠᠷᠭᠤᠯᠳᠤᠭ᠋ᠠᠨ ᠶᠠᠪᠤᠭᠤᠯᠵᠤ᠂ ᠠᠵᠤ ᠠᠬᠤᠢ᠌ᠯᠠᠯ᠎ᠤᠨ ᠤᠲᠤᠭ᠎ᠠ ᠠᠭᠤᠷ᠎ᠤᠨ ᠰᠦᠯᠵᠢᠶ᠎ᠡ᠎ᠪᠠᠷ ᠬᠢᠨᠠᠨ ᠡᠵᠡᠮᠳᠡᠬᠦ ᠲᠥᠬᠥᠭᠡᠷᠦᠮᠵᠢ᠎ᠪᠠᠨ ᠬᠤᠭᠤᠴᠠᠭ᠎ᠠ᠎ᠠᠴᠠ ᠬᠡᠲᠦᠷᠡᠭᠦᠯᠦᠨ ᠬᠡᠷᠡᠭᠯᠡᠭᠰᠡᠨ ᠡᠰᠡᠬᠦ᠂ ᠠᠵᠤ ᠠᠬᠤᠢ᠌ᠯᠠᠯ᠎ᠤᠨ ᠲᠠᠯ᠎ᠠ ᠵᠢᠨ᠎ᠬᠢᠨ᠎ᠤ ᠳᠡᠭᠡᠭᠰᠢ ᠮᠡᠳᠡᠭᠦᠯᠦᠭᠰᠡᠨ ᠪᠣᠬᠢᠷᠲᠤᠯ ᠡᠳ᠋ ᠭᠠᠳᠠᠭᠰᠢᠯᠠᠭᠤᠯᠬᠤ ᠭᠤᠶᠤᠴᠢᠯᠠᠯ᠎ᠤᠨ ᠬᠦᠰᠦᠨᠦᠭ᠎ᠲᠤ᠎ᠪᠠᠨ ᠳᠤᠷᠠᠳᠤᠭᠰᠠᠨ ᠲᠥᠬᠥᠭᠡᠷᠦᠮᠵᠢ ᠵᠢᠨ ᠥᠯᠢᠭᠡᠷ ᠠᠪᠬᠤ ᠬᠣᠭᠣᠯᠠᠢ᠎ᠨᠢ ᠪᠥᠭᠯᠡᠷᠡᠭᠰᠡᠨ ᠵᠡᠷᠭᠡ ᠠᠭᠤᠯᠭ᠎ᠠ᠎ᠨᠢ ᠬᠦᠴᠦᠨ᠎ᠲᠠᠢ ᠡᠰᠡᠬᠦ ᠵᠡᠷᠭᠡ ᠲᠥᠪᠯᠡᠷᠡᠯ ᠠᠰᠠᠭᠤᠳᠠᠯ᠎ᠤᠨ ᠲᠣᠭᠣᠷᠢᠨ᠎ᠳᠤ ᠮᠠᠷᠭᠤᠯᠳᠤᠭ᠋ᠠᠨ ᠶᠠᠪᠤᠭᠤᠯᠪᠠ᠃ ᠬᠠᠮᠤᠭ ᠡᠴᠦᠰ᠎ᠲᠤ᠂ ᠬᠡᠷᠡᠭ᠎ᠢ ᠪᠠᠢ᠌ᠴᠠᠭ᠋ᠠᠭᠴᠢ᠂ ᠲᠤᠬᠠᠢ᠌ᠲᠠᠢ ᠬᠥᠮᠥᠨ ᠪᠠ ᠭᠤᠷᠪᠠᠳᠠᠭᠴᠢ ᠬᠥᠮᠥᠨ ᠲᠤᠰ ᠲᠤᠰ ᠬᠠᠮᠤᠭ ᠰᠡᠭᠦᠯᠴᠢ ᠵᠢᠨ ᠰᠠᠨᠠᠯ ᠵᠶ᠋ᠠᠨ ᠲᠣᠭ᠋ᠠᠴᠢᠨ ᠥᠭᠦᠯᠡᠵᠦ᠂ ᠬᠠᠤᠯᠢ᠎ᠪᠠᠷ ᠲᠣᠭᠲᠠᠭ᠋ᠠᠭᠰᠠᠨ ᠳᠡᠰ ᠳᠠᠷᠠᠭ᠋ᠠᠯᠠᠯ ᠶᠣᠰᠣᠭ᠋ᠠᠷ ᠭᠡᠷᠡᠴᠢᠯᠡᠭᠡ ᠰᠣᠨᠣᠰᠬᠤ ᠬᠤᠷᠠᠯ᠎ᠢ ᠥᠨᠳᠥᠷᠯᠡᠭᠦᠯᠵᠡᠢ᠃
    ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠭᠡᠷᠡᠴᠢᠯᠡᠭᠡ ᠰᠣᠨᠣᠰᠬᠤ ᠬᠤᠷᠠᠯ᠎ᠤᠨ ᠪᠠᠢ᠌ᠳᠠᠯ᠎ᠢ ᠦᠨᠳᠦᠰᠦᠯᠡᠨ᠂ ᠲᠤᠬᠠᠢ᠌ᠲᠠᠢ ᠬᠥᠮᠥᠨ᠎ᠤ ᠲᠣᠭ᠋ᠠᠴᠢᠨ ᠥᠭᠦᠯᠡᠭᠰᠡᠨ ᠪᠣᠳᠠᠲᠤ ᠬᠡᠷᠡᠭ ᠪᠠ ᠰᠢᠯᠲᠠᠭ᠋ᠠᠨ᠎ᠢ ᠭᠦᠢ᠍ᠴᠡᠳ ᠪᠣᠳᠣᠯᠬᠢᠯᠠᠵᠤ᠂ ᠬᠠᠤᠯᠢ ᠴᠠᠭ᠋ᠠᠵᠠ ᠳᠦᠷᠢᠮ ᠲᠣᠭᠲᠠᠭ᠋ᠠᠯ ᠶᠣᠰᠣᠭ᠋ᠠᠷ ᠬᠠᠮᠤᠭ ᠰᠡᠭᠦᠯᠴᠢ ᠵᠢᠨ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠲᠣᠭᠲᠠᠭ᠋ᠠᠯ᠎ᠢ ᠴᠢᠩᠭ᠎ᠠ ᠲᠣᠭᠲᠠᠭ᠋ᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠮᠠᠨ᠎ᠤ ᠲᠢᠩᠬᠢᠮ 2017 ᠣᠨ᠎ᠤ ᠪᠦᠬᠦ ᠣᠷᠣᠨ᠎ᠤ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠠᠵᠢᠯ᠎ᠤᠨ ᠰᠢᠯᠭ᠋ᠠᠨ ᠬᠢᠨᠠᠵᠤ ᠦᠨᠡᠯᠡᠨ ᠰᠢᠯᠭ᠋ᠠᠷᠠᠭᠤᠯᠬᠤ ᠳᠤᠮᠳᠠ ᠲᠡᠷᠢᠭᠦᠨ᠎ᠤ ᠨᠢᠭᠡᠴᠢ ᠵᠢᠨ ᠨᠢᠭᠡᠳᠦᠭᠡᠷ ᠳᠡᠰ᠎ᠤᠨ ᠱᠠᠩᠨᠠᠯ᠎ᠢ ᠲᠣᠰᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠲᠦᠩᠯᠢᠶᠣᠣ ᠬᠣᠲᠠ ᠳᠥᠷᠪᠡᠨ ᠲᠠᠯ᠎ᠠ ᠵᠢᠨ ᠠᠵᠢᠯ᠎ᠢ ᠰᠠᠢ᠌ᠲᠤᠷ ᠬᠢᠵᠦ ᠪᠣᠬᠢᠷᠲᠤᠯ ᠦᠭᠡᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠳᠥᠷᠪᠡᠨ ᠵᠦᠢ᠍ᠯ᠎ᠤᠨ ᠲᠤᠰᠢᠶᠠᠯᠲᠠᠨ》᠎ᠤ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ ᠠᠮᠢ ᠠᠬᠤᠢ ᠵᠢ ᠴᠡᠪᠡᠷᠰᠢᠭᠦᠯᠵᠦ ᠴᠡᠭᠴᠡᠯᠡᠨ ᠵᠠᠰᠠᠬᠤ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠶᠠᠪᠤᠳᠠᠯ᠎ᠤᠨ ᠡᠷᠬᠡ ᠵᠢ ᠳᠡᠭᠡᠳᠦ ᠱᠠᠲᠤᠨ᠎ᠠᠴᠠ ᠬᠤᠷᠢᠶᠠᠨ ᠠᠪᠬᠤ ᠵᠢ ᠬᠤᠭᠤᠴᠠᠭ᠎ᠠ ᠶᠣᠰᠣᠭ᠋ᠠᠷ ᠪᠡᠶᠡᠯᠡᠭᠦᠯᠵᠦ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠰᠠᠭᠤᠷᠢ ᠲᠣᠣᠷ ᠰᠦᠯᠵᠢᠶ᠎ᠡ ᠵᠢ ᠲᠣᠭᠲᠠᠭᠤᠨ ᠪᠥᠭᠡᠳ ᠪᠦᠲᠦᠮᠵᠢᠲᠡᠢ᠎ᠪᠠᠷ ᠠᠵᠢᠯᠯᠠᠭᠤᠯᠪᠠ
 
             蒙ICP备05000248号