ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠣᠯᠠᠨ ᠨᠡᠢ᠌ᠲᠡ᠎ᠳᠤ ᠨᠡᠭᠡᠭᠡᠯᠲᠡ ᠬᠢᠬᠦ ᠠᠵᠢᠯᠯᠠᠭ᠎ᠠ ᠵᠢ ᠴᠢᠩᠭ᠋ᠠᠳᠬᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠵᠢᠨ ᠲᠠᠪᠴᠠᠩ᠎ᠢ ᠪᠠᠢ᠌ᠭᠤᠯᠬᠤ ᠵᠢᠨ ᠲᠤᠰᠠᠳᠠ᠂ 12 ᠳ᠋ᠤᠭ᠋ᠠᠷ ᠰᠠᠷ᠎ᠠ ᠵᠢᠨ 13᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠭᠤᠷᠪᠠᠳᠤᠭ᠋ᠠᠷ ᠤᠳᠠᠭ᠋ᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠣᠯᠠᠨ ᠨᠡᠢ᠌ᠲᠡ᠎ᠳᠤ ᠨᠡᠭᠡᠭᠡᠯᠲᠡ ᠬᠢᠬᠦ ᠠᠵᠢᠯᠯᠠᠭ᠎ᠠ᠎ᠨᠢ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ ᠺᠣᠮᠫᠠᠨᠢ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠵᠢᠨ ᠰᠢᠰᠲ᠋ᠧᠮ᠎ᠤᠨ᠎ᠬᠢᠨ᠎ᠤ ᠺᠠᠳ᠋ᠷ ᠠᠵᠢᠯᠲᠠᠳ᠎ᠢ ᠤᠭᠲᠤᠨ ᠠᠪᠴᠤ ᠲᠣᠭᠣᠷᠢᠨ ᠦᠵᠡᠭᠦᠯᠪᠡ᠂ ᠡᠨᠡ᠎ᠨᠢ ᠮᠥᠨ ᠴᠤ᠌ ᠬᠦᠯᠢᠶᠡᠨ ᠠᠪᠴᠤ ᠲᠣᠭᠣᠷᠢᠨ ᠦᠵᠡᠭᠦᠯᠦᠭᠰᠡᠨ ᠠᠩᠬᠠᠳᠠᠭᠴᠢ ᠰᠠᠯᠠᠭ᠎ᠠ ᠠᠵᠤ ᠠᠬᠤᠢ᠌ᠯᠠᠯ᠎ᠤᠨ ᠪᠦᠯᠬᠦᠮ ᠨᠡᠢ᠌ᠲᠡ ᠪᠣᠯᠣᠨ᠎ᠠ᠃
ᠠᠵᠢᠯᠯᠠᠭ᠎ᠠ ᠵᠢᠨ ᠲᠤᠬᠠᠢ ᠵᠢᠨ ᠡᠳᠦᠷ᠎ᠲᠤ᠂ ᠥᠪᠥᠷ ᠮᠣᠩᠭᠣᠯ᠎ᠤᠨ ᠰᠢᠤᠳᠠᠨ᠎ᠤ ᠰᠢᠰᠲ᠋ᠧᠮ᠎ᠤᠨ᠎ᠬᠢᠨ᠎ᠤ 36 ᠺᠠᠳ᠋ᠷ ᠠᠵᠢᠯᠲᠠᠳ ᠵᠢᠴᠢ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠰᠤᠷᠪᠤᠯᠵᠢᠯᠠᠭᠴᠢᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠬᠡᠳᠦ ᠥᠷᠲᠡᠭᠡ᠂ ᠣᠷᠴᠢᠨ ᠲᠣᠭᠣᠷᠢᠨ᠎ᠤ ᠴᠠᠭ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠥᠪ ᠪᠠ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠪ ᠥᠷᠲᠡᠭᠡ ᠵᠢ ᠲᠣᠭᠣᠷᠢᠨ ᠦᠵᠡᠵᠦ᠂ ᠬᠢᠨᠠᠨ ᠬᠡᠮᠵᠢᠬᠦ ᠡᠯ᠎ᠡ ᠲᠥᠷᠥᠯ ᠵᠦᠢ᠍ᠯ᠂ ᠬᠢᠨᠠᠨ ᠬᠡᠮᠵᠢᠬᠦ ᠪᠠᠭ᠋ᠠᠵᠢ ᠲᠥᠬᠥᠭᠡᠷᠦᠮᠵᠢ ᠵᠢᠨ ᠦᠢ᠍ᠯᠡᠳᠦᠯ ᠴᠢᠳᠠᠪᠤᠷᠢ᠂ ᠬᠢᠨᠠᠨ ᠬᠡᠮᠵᠢᠬᠦ ᠲᠤᠷᠰᠢᠯᠲᠠ ᠵᠢᠨ ᠲᠠᠰᠤᠭ ᠵᠡᠷᠭᠡ ᠵᠢᠨ ᠬᠠᠮᠢᠶ᠎ᠠ ᠪᠦᠬᠦᠢ ᠪᠠᠢ᠌ᠳᠠᠯ᠎ᠢ ᠨᠠᠷᠢᠨ ᠣᠢ᠌ᠯᠠᠭ᠋ᠠᠵᠤ᠂ ᠣᠯᠠᠨ ᠲᠦᠮᠡᠨ᠎ᠳᠤ ᠨᠡᠭᠡᠭᠡᠯᠲᠡ ᠬᠢᠬᠦ ᠠᠵᠢᠯᠯᠠᠭ᠎ᠠ ᠵᠢᠨ ᠤᠬᠠᠭᠤᠯᠭ᠎ᠠ ᠵᠢᠨ ᠲᠧᠯᠸᠢᠰ᠎ᠢ ᠰᠣᠨᠢᠷᠬᠠᠵᠠᠢ᠃
《ᠠᠵᠢᠯ᠎ᠤᠨ ᠬᠠᠷᠠᠭ᠎ᠠ᠎ᠠᠴᠠ ᠪᠣᠯᠵᠤ᠂ ᠥᠩᠭᠡᠷᠡᠭᠰᠡᠨ᠎ᠳᠤ ᠦᠵᠡᠵᠦ ᠪᠠᠢ᠌ᠭᠰᠠᠨ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ᠎ᠨᠢ ᠭᠣᠣᠯᠳᠠᠭᠤ ᠦᠰᠦᠭ ᠪᠢᠴᠢᠭ᠎ᠤᠨ ᠬᠡᠯᠪᠡᠷᠢ ᠵᠢᠨ ᠤᠬᠠᠭᠤᠯᠭ᠎ᠠ᠎ᠪᠠᠷ ᠭᠣᠣᠯᠯᠠᠵᠤ ᠪᠠᠢ᠌ᠵᠠᠢ᠂ ᠡᠨᠡ ᠤᠳᠠᠭ᠎ᠠ ᠵᠣᠯ ᠵᠶ᠋ᠠᠷ ᠲᠤᠰᠬᠠᠢ ᠮᠡᠷᠭᠡᠵᠢᠯ᠎ᠤᠨ ᠴᠢᠨᠠᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠨᠠᠷ ᠵᠶ᠋ᠠᠷ ᠨᠡᠩ ᠴᠢᠩᠭ᠎ᠠ ᠬᠢᠨᠠᠨ ᠬᠡᠮᠵᠢᠬᠦ ᠥᠷᠲᠡᠭᠡ ᠵᠢ ᠲᠣᠭᠣᠷᠢᠨ ᠦᠵᠡᠵᠦ᠂ ᠨᠡᠩ ᠪᠠᠶᠠᠯᠢᠭ ᠪᠥᠭᠡᠳ ᠨᠡᠩ ᠭᠦᠨᠵᠡᠭᠡᠢ ᠣᠢ᠌ᠯᠠᠭ᠋ᠠᠯᠲᠠ᠎ᠲᠠᠢ ᠪᠣᠯᠪᠠ᠃ ᠣᠯᠠᠨ ᠨᠡᠢ᠌ᠲᠡ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠡᠷᠬᠡ ᠠᠰᠢᠭ᠎ᠢ ᠪᠠᠲᠤᠯᠠᠬᠤ ᠵᠢᠨ ᠲᠤᠰᠠᠳᠠ᠂ ᠠᠷᠤ ᠲᠠᠯ᠎ᠠ᠎ᠳᠤ ᠡᠢ᠌ᠮᠦ ᠨᠢᠭᠡᠨ ᠰᠠᠯᠠᠭ᠎ᠠ ᠥᠨᠳᠥᠷ ᠬᠡᠪ ᠴᠢᠨᠠᠷ ᠪᠠ ᠲᠤᠰᠬᠠᠢ ᠮᠡᠷᠭᠡᠵᠢᠯ᠎ᠤᠨ ᠴᠢᠨᠠᠷ ᠪᠦᠬᠦᠢ ᠪᠦᠯᠬᠦᠮ ᠨᠡᠢ᠌ᠲᠡ ᠲᠣᠪ ᠳᠤᠭᠤᠢ ᠦᠢ᠍ᠯᠡᠴᠢᠯᠡᠭᠡ ᠲᠤᠯᠭ᠋ᠠᠭᠤᠷᠢᠯᠠᠯ ᠬᠠᠩᠭ᠋ᠠᠵᠤ᠂ ᠪᠢᠳᠡᠨ᠎ᠳᠤ ᠨᠡᠩ ᠠᠮᠤᠷ ᠲᠦᠪᠰᠢᠨ ᠲᠥᠷᠥᠭᠳᠡᠯ ᠣᠯᠭᠣᠵᠤ ᠪᠠᠢ᠌ᠨ᠎ᠠ》 ᠭᠡᠵᠦ ᠰᠢᠤᠳᠠᠨ᠎ᠤ ᠰᠢᠰᠲ᠋ᠧᠮ᠎ᠤᠨ᠎ᠬᠢᠨ᠎ᠤ ᠠᠵᠢᠯᠲᠠᠨ ᠴᠢᠶᠠᠨ ᡁᠢ ᠵᠢᠶᠦ᠋ᠨ ᠰᠤᠷᠪᠤᠯᠵᠢᠯᠠᠭᠴᠢ᠎ᠳᠤ ᠶᠠᠷᠢᠵᠤ ᠪᠠᠢ᠌ᠯ᠎ᠠ᠃ ᠲᠣᠭᠣᠷᠢᠨ ᠦᠵᠡᠬᠦ ᠶᠠᠪᠤᠴᠠ᠎ᠳᠤ᠂ ᠰᠢᠤᠳᠠᠨ᠎ᠤ ᠰᠢᠰᠲ᠋ᠧᠮ᠎ᠤᠨ᠎ᠬᠢᠨ᠎ᠤ ᠺᠠᠳ᠋ᠷ ᠠᠵᠢᠯᠲᠠᠳ ᠲᠠᠨᠢᠯᠴᠠᠭᠤᠯᠭ᠎ᠠ ᠵᠢ ᠬᠢᠨᠠᠮᠠᠭ᠋ᠠᠢ ᠰᠣᠨᠣᠰᠬᠤ ᠵᠢᠨ ᠳᠠᠭ᠋ᠠᠤ ᠥᠪᠡᠷ᠎ᠤᠨ ᠠᠩᠬᠠᠷᠤᠯ ᠲᠠᠯᠪᠢᠵᠤ ᠪᠠᠢ᠌ᠭᠰᠠᠨ ᠠᠰᠠᠭᠤᠯᠲᠠ᠎ᠪᠠᠨ ᠲᠠᠰᠤᠷᠠᠯᠲᠠ ᠦᠭᠡᠢ ᠠᠰᠠᠭᠤᠵᠠᠭ᠋ᠠᠵᠤ ᠪᠠᠢ᠌ᠯ᠎ᠠ᠃ ᠵᠢᠱ᠌ᠢᠶᠡᠯᠡᠪᠡᠯ ᠰᠠᠭᠤᠭ᠋ᠠᠯᠢ ᠠᠷᠠᠳ᠎ᠤᠨ ᠠᠰᠠᠷ᠎ᠤᠨ 7᠂ 8 ᠳ᠋ᠤᠭ᠋ᠠᠷ ᠳᠠᠪᠬᠤᠷᠭ᠎ᠠ᠎ᠨᠢ ᠦᠨᠡᠬᠡᠷ ᠪᠣᠬᠢᠷᠲᠤᠯ ᠵᠶ᠋ᠠᠷ ᠬᠠᠮᠤᠭ᠎ᠤᠨ ᠬᠡᠴᠡᠭᠦᠦ ᠦᠦ? ᠬᠣᠭ ᠨᠣᠪᠰᠢ ᠵᠢ ᠲᠥᠷᠥᠯ ᠬᠤᠪᠢᠶᠠᠬᠤ᠎ᠳᠤ ᠴᠣᠬᠣᠮ ᠶᠠᠭ᠋ᠠᠬᠢᠵᠤ ᠲᠥᠷᠥᠯ ᠬᠤᠪᠢᠶᠠᠬᠤ ᠪᠣᠢ? ᠶᠠᠮᠠᠷ ᠶᠠᠩᠵᠤ ᠵᠢᠨ ᠴᠠᠭ ᠠᠭ᠋ᠠᠷ᠎ᠲᠤ ᠠᠮᠠᠪᠴᠢ ᠵᠡᠭᠦᠬᠦ ᠴᠢᠬᠤᠯᠠᠲᠠᠢ᠂ ᠴᠢᠨᠠᠭᠰᠢᠯᠠᠪᠠᠯ ᠪᠣᠬᠢᠷ ᠮᠠᠨᠠᠨ᠎ᠢ ᠰᠡᠷᠭᠡᠢ᠌ᠯᠡᠬᠦ ᠲᠤᠰᠬᠠᠢ ᠠᠮᠠᠪᠴᠢ ᠵᠡᠭᠦᠬᠦ ᠴᠢᠬᠤᠯᠠᠲᠠᠢ ᠦᠦ ᠦᠭᠡᠢ ᠦᠦ ᠭᠡᠬᠦ ᠮᠡᠲᠦ᠃ ᠯᠢᠦ ᠰᠢᠶᠠᠩ ᠳ᠋ᠦᠩ ᠡᠯ᠎ᠡ ᠵᠦᠢ᠍ᠯ᠎ᠤᠨ ᠴᠠᠭ ᠠᠭᠤᠷ᠎ᠤᠨ ᠹᠺᠲ᠋ᠣᠷᠢ ᠬᠢᠨᠠᠨ ᠬᠡᠮᠵᠢᠭᠰᠡᠨ ᠪᠠᠢ᠌ᠳᠠᠯ᠎ᠢ ᠣᠢ᠌ᠯᠠᠭ᠋ᠠᠭᠰᠠᠨ᠎ᠤ ᠳᠠᠷᠠᠭ᠎ᠠ᠂ 《ᠦᠨᠡᠬᠡᠷ ᠬᠠᠷᠠᠮᠰᠠᠯᠲᠠᠢ! ᠡᠩ᠎ᠤᠨ ᠣᠯᠠᠨ ᠲᠦᠮᠡᠨ ᠪᠣᠯᠣᠭᠰᠠᠨ᠎ᠤ ᠬᠤᠪᠢ᠎ᠳᠤ᠂ ᠶᠡᠷᠦ ᠵᠢᠨ ᠴᠠᠭ᠎ᠤᠨ ᠣᠢ᠌ᠯᠠᠭ᠋ᠠᠯᠲᠠ ᠬᠠᠷᠢᠴᠠᠩᠭᠤᠢ ᠥᠷᠥᠭᠡᠰᠦᠭᠡᠯ ᠪᠠᠢ᠌ᠵᠤ᠂ ᠢᠯᠠᠩᠭᠤᠶ᠎ᠠ ᠰᠦᠯᠵᠢᠶᠡᠨ ᠳᠡᠭᠡᠷᠡᠬᠢ ᠵᠠᠷᠢᠮ ᠬᠡᠯᠡᠯᠭᠡ ᠵᠢᠨ ᠦᠨᠡᠨ ᠬᠤᠳᠠᠯ᠎ᠨᠢ ᠢᠯᠭ᠋ᠠᠭᠳᠠᠬᠤ ᠦᠭᠡᠢ᠂ ᠵᠣᠬᠢᠬᠤ ᠲᠤᠰᠬᠠᠢ ᠮᠡᠷᠭᠡᠵᠢᠯ᠎ᠤᠨ ᠮᠡᠳᠡᠯᠭᠡ ᠵᠢ ᠡᠵᠡᠮᠰᠢᠬᠦ ᠦᠭᠡᠢ ᠪᠣᠯ ᠦᠨᠡᠨ ᠬᠤᠳᠠᠯ᠎ᠢ ᠢᠯᠭ᠋ᠠᠬᠤ᠎ᠳᠤ ᠮᠠᠰᠢ ᠬᠦᠴᠢᠷᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠪᠠᠢ᠌ᠭᠰᠠᠨᠳᠤᠪᠠᠨ᠂ ᠠᠷᠠᠳ ᠢᠷᠭᠡᠳ᠎ᠤᠨ ᠰᠡᠵᠢᠭᠯᠡᠯ ᠡᠷᠡᠭᠡᠯᠵᠡᠭᠡ ᠵᠢ ᠲᠠᠢ᠌ᠯᠵᠤ ᠥᠭᠪᠡ᠃ ᠣᠯᠠᠨ ᠲᠦᠮᠡᠨ᠎ᠳᠤ ᠨᠡᠭᠡᠭᠡᠯᠲᠡ ᠬᠢᠬᠦ ᠠᠵᠢᠯᠯᠠᠭ᠎ᠠ ᠵᠢᠨ ᠡᠨᠡ ᠬᠦ᠌ ᠲᠠᠪᠴᠠᠩ ᠵᠶ᠋ᠠᠷ ᠳᠠᠮᠵᠢᠭᠤᠯᠵᠤ᠂ ᠨᠡᠩ ᠲᠤᠰᠬᠠᠢ ᠮᠡᠷᠭᠡᠵᠢᠯ᠎ᠤᠨ ᠮᠡᠳᠡᠯᠭᠡ ᠵᠢᠨ ᠲᠠᠢ᠌ᠯᠤᠮᠵᠢ ᠵᠢ ᠰᠣᠨᠣᠰᠴᠤ ᠣᠢ᠌ᠯᠠᠭ᠋ᠠᠨ᠂ ᠥᠪᠡᠷ᠎ᠤᠨ ᠥᠩᠭᠡᠷᠡᠭᠰᠡᠨ᠎ᠤ ᠪᠤᠷᠤᠭᠤ ᠣᠢ᠌ᠯᠠᠭ᠋ᠠᠯᠲᠠ᠎ᠪᠠᠨ ᠨᠡᠩ ᠰᠠᠢ᠌ᠨ ᠵᠠᠰᠠᠨ ᠵᠠᠯᠠᠷᠠᠭᠤᠯᠬᠤ ᠪᠣᠯᠣᠯ᠎ᠠ᠃ ᠪᠡᠶᠡᠴᠢᠯᠡᠨ ᠣᠢ᠌ᠯᠠᠭ᠋ᠠᠬᠤ᠎ᠪᠠᠷ ᠳᠠᠮᠵᠢᠭᠤᠯᠤᠨ᠂ ᠪᠢᠳᠡ ᠥᠪᠡᠷ᠎ᠤᠨ ᠦᠵᠡᠵᠦ ᠰᠣᠨᠣᠰᠤᠭᠰᠠᠨ ᠪᠠ ᠰᠤᠷᠤᠭᠰᠠᠨ ᠮᠡᠳᠡᠯᠭᠡ᠎ᠪᠠᠨ ᠠᠰᠢᠭᠯᠠᠵᠤ᠂ ᠳᠠᠮᠵᠢᠭᠤᠯᠤᠭᠴᠢ ᠵᠢᠨ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂ ᠬᠠᠵᠠᠭᠤ᠎ᠳᠠᠬᠢ ᠬᠥᠮᠥᠰ ᠵᠶ᠋ᠡᠨ ᠨᠥᠯᠥᠭᠡᠯᠡᠬᠦ ᠵᠢᠨ ᠬᠠᠮᠲᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠢᠳᠡᠪᠬᠢᠲᠡᠢ ᠣᠷᠣᠯᠴᠠᠨ᠎ᠠ》 ᠭᠡᠵᠦ ᠰᠡᠳᠬᠢᠯ ᠳᠣᠭᠳᠣᠯᠤᠨ ᠬᠡᠯᠡᠭᠰᠡᠨ ᠪᠠᠢ᠌ᠨ᠎ᠠ᠃
ᠲᠥᠪ᠎ᠤᠨ ᠠᠵᠤ ᠠᠬᠤᠢ᠌ᠯᠠᠯ ᠪᠣᠯᠣᠭᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ ᠺᠣᠮᠫᠠᠨᠢ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠎ᠨᠢ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠢᠳᠡᠪᠬᠢᠲᠡᠢ ᠣᠷᠣᠯᠴᠠᠬᠤ᠎ᠪᠠᠷ ᠤᠯᠤᠰ ᠲᠥᠷᠥ ᠵᠢᠨ ᠬᠠᠷᠢᠭᠤᠴᠠᠯᠭ᠎ᠠ ᠪᠠ ᠨᠡᠢ᠌ᠭᠡᠮ᠎ᠤᠨ ᠬᠠᠷᠢᠭᠤᠴᠠᠯᠭ᠎ᠠ ᠪᠣᠯᠭ᠋ᠠᠵᠤ᠂ ᠪᠣᠬᠢᠷᠲᠤᠯ ᠦᠭᠡᠢ ᠬᠥᠭᠵᠢᠯᠲᠡ ᠵᠢ ᠬᠦᠴᠦᠯᠡᠨ ᠠᠬᠢᠭᠤᠯᠵᠤ᠂ 《ᠬᠤᠪᠠᠨᠴᠢᠷ ᠲᠠᠢ᠌ᠫ ᠵᠶ᠋ᠠᠷ ᠠᠪᠴᠢᠭᠤᠯᠬᠤ ᠠᠵᠢᠯᠯᠠᠭ᠎ᠠ》 ᠪᠠ ᠪᠣᠬᠢᠷᠲᠤᠯ ᠦᠭᠡᠢ᠎ᠪᠠᠷ ᠪᠣᠭᠣᠳᠠᠯᠯᠠᠬᠤ ᠠᠷᠭ᠎ᠠ ᠬᠡᠯᠪᠡᠷᠢ᠎ᠪᠠᠷ ᠳᠠᠮᠵᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠨᠣᠯᠵᠢᠬᠤᠨ᠎ᠢ ᠦᠢ᠍ᠯᠡᠳᠦᠯᠭᠡᠵᠢᠭᠦᠯᠵᠦ ᠪᠠᠢ᠌ᠨ᠎ᠠ᠃ ᠡᠭᠦᠨ᠎ᠠᠴᠠ ᠡᠮᠦᠨ᠎ᠡ᠂ ᠥᠪᠥᠷ ᠮᠣᠩᠭᠣᠯ᠎ᠤᠨ ᠪᠣᠬᠢᠷᠲᠤᠯ ᠦᠭᠡᠢ᠎ᠪᠠᠷ ᠬᠥᠭᠵᠢᠭᠦᠯᠬᠦ ᠣᠨᠣᠯᠵᠢᠬᠤᠨ᠎ᠢ ᠠᠬᠢᠭᠤᠯᠤᠨ᠂ ᠪᠦᠬᠦ ᠨᠡᠢ᠌ᠭᠡᠮ᠎ᠤᠨ᠎ᠬᠢᠨ᠎ᠤ ᠡᠯ᠎ᠡ ᠡᠲᠡᠭᠡᠳ᠎ᠤᠨ ᠬᠦᠴᠦᠨ᠎ᠢ ᠥᠷᠭᠡᠨ ᠳᠡᠯᠭᠡᠷ ᠵᠶ᠋ᠡᠷ ᠪᠦᠯᠬᠦᠮᠳᠡᠭᠦᠯᠬᠦ ᠪᠠ ᠭᠦᠢ᠍ᠴᠡᠳ ᠲᠦᠰᠢᠭᠯᠡᠵᠦ᠂ ᠥᠪᠥᠷ ᠮᠣᠩᠭᠣᠯ᠎ᠤᠨ ᠡᠨᠡ ᠬᠦ᠌ ᠬᠡᠰᠡᠭ ᠨᠣᠭᠣᠭ᠋ᠠᠨ ᠥᠩᠭᠡ ᠵᠢ ᠬᠠᠮᠲᠤ᠎ᠪᠠᠷ ᠰᠠᠬᠢᠨ ᠬᠠᠮᠠᠭ᠋ᠠᠯᠠᠵᠤ᠂ 《ᠵᠢᠱ᠌ᠢᠶᠡᠴᠢ ᠥᠪᠥᠷ ᠮᠣᠩᠭᠣᠯ》 ᠭᠡᠬᠦ ᠢᠷᠠᠭᠤ ᠠᠯᠳᠠᠷ᠎ᠢ ᠰᠠᠢ᠌ᠲᠤᠷ ᠬᠠᠮᠠᠭ᠋ᠠᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ ᠺᠣᠮᠫᠠᠨᠢ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠎ᠠᠴᠠ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠲᠤ ᠭᠠᠷᠤᠨ ᠦᠰᠦᠭ ᠵᠢᠷᠤᠵᠤ᠂ 《ᠵᠠᠰᠠᠭ᠎ᠤᠨ ᠣᠷᠳᠣᠨ + ᠤᠯᠤᠰ᠎ᠤᠨ ᠥᠮᠴᠢᠯᠡᠯᠲᠦ ᠠᠵᠤ ᠠᠬᠤᠢ᠌ᠯᠠᠯ》᠎ᠪᠠᠷ ᠳᠠᠮᠵᠢᠭᠤᠯᠵᠤ᠂ ᠬᠠᠮᠲᠤᠷᠠᠯᠴᠠᠵᠤ ᠬᠠᠮᠲᠤ᠎ᠪᠠᠷ ᠢᠯᠠᠯᠲᠠ ᠣᠯᠬᠤ ᠵᠢ ᠪᠡᠶᠡᠯᠡᠭᠦᠯᠬᠦ᠎ᠪᠠᠷ ᠵᠣᠷᠢᠭᠰᠠᠨᠤ ᠬᠠᠮᠲᠤ᠂ ᠥᠪᠥᠷ ᠮᠣᠩᠭᠣᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠢᠯᠠᠯᠲᠠ ᠣᠯᠬᠤ ᠵᠢ ᠬᠠᠮᠲᠤ᠎ᠪᠠᠷ ᠠᠬᠢᠭᠤᠯᠵᠠᠢ᠃
《ᠲᠤᠰ ᠤᠳᠠᠭ᠋ᠠᠨ᠎ᠤ ᠣᠯᠠᠨ ᠲᠦᠮᠡᠨ᠎ᠳᠤ ᠨᠡᠭᠡᠭᠡᠯᠲᠡ ᠬᠢᠬᠦ ᠠᠵᠢᠯᠯᠠᠭ᠎ᠠ᠎ᠨᠢ᠂ ᠮᠥᠨ ᠴᠤ᠌ ᠥᠪᠥᠷ ᠮᠣᠩᠭᠣᠯ᠎ᠤᠨ ᠰᠢᠤᠳᠠᠨ᠎ᠤ ᠬᠤᠪᠢᠶᠠᠷᠢ ᠺᠣᠮᠫᠠᠨᠢ ᠵᠢᠨ 〈ᠪᠣᠬᠢᠷᠲᠤᠯ ᠦᠭᠡᠢ ᠰᠢᠤᠳᠠᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ〉 ᠵᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠪᠣᠯᠣᠭᠰᠠᠨ᠎ᠤ ᠬᠤᠪᠢ᠎ᠳᠤ᠂ ᠮᠠᠨ᠎ᠤ ᠺᠠᠳ᠋ᠷ ᠠᠵᠢᠯᠲᠠᠳ ᠵᠶ᠋ᠠᠨ ᠠᠮᠢ ᠠᠬᠤᠢ ᠵᠢᠨ ᠣᠷᠴᠢᠨ ᠲᠣᠭᠣᠷᠢᠨ᠎ᠤ ᠠᠵᠢᠯ᠎ᠤᠨ ᠨᠢᠭᠡᠳᠦᠭᠡᠷ ᠹᠷᠣᠨᠲ᠎ᠳᠤ ᠣᠴᠢᠭᠤᠯᠵᠤ ᠪᠡᠶᠡᠴᠢᠯᠡᠨ ᠣᠢ᠌ᠯᠠᠭ᠋ᠠᠭᠤᠯᠤᠭᠰᠠᠨ᠎ᠨᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠳᠡᠯᠭᠡ ᠵᠢ ᠰᠤᠷᠤᠯᠴᠠᠭᠤᠯᠤᠭᠰᠠᠨ ᠵᠶ᠋ᠠᠷ ᠪᠠᠷᠠᠬᠤ ᠦᠭᠡᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠢᠳᠡᠪᠬᠢᠲᠡᠢ ᠣᠷᠣᠯᠴᠠᠭᠤᠯᠤᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯᠯᠠᠭ᠎ᠠ ᠵᠢ ᠦᠢ᠍ᠯᠡᠳᠦᠯᠭᠡᠵᠢᠭᠦᠯᠵᠦ᠂ ᠣᠯᠠᠨ᠎ᠤ ᠣᠯᠣᠯᠲᠠ ᠲᠥᠷᠥᠭᠳᠡᠯ ᠮᠠᠰᠢ ᠭᠦᠨᠵᠡᠭᠡᠢ ᠪᠣᠯᠪᠠ᠃ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠰᠠᠭᠤᠷᠢᠨ ᠳᠡᠭᠡᠷ᠎ᠡ᠂ ᠪᠢᠳᠡ ᠪᠠᠰᠠ ᠠᠵᠢᠯᠲᠠᠨ ᠣᠯᠠᠨ᠂ ᠪᠦᠬᠦ ᠣᠷᠣᠨ᠎ᠳᠤ ᠦᠢ᠍ᠯᠡᠴᠢᠯᠡᠬᠦ ᠰᠦᠯᠵᠢᠶᠡᠨ᠎ᠤ ᠴᠡᠭ ᠣᠯᠠᠨ ᠪᠠ ᠲᠣᠮᠢᠯᠠᠨ ᠬᠦᠷᠭᠡᠬᠦ ᠲᠡᠷᠭᠡ ᠣᠯᠠᠨ ᠵᠡᠷᠭᠡ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠪᠠᠳᠠᠷᠠᠭᠤᠯᠤᠨ᠂ ᠪᠣᠬᠢᠷᠲᠤᠯ ᠦᠭᠡᠢ ᠨᠡᠩ ᠥᠷᠭᠡᠨ ᠳᠡᠯᠭᠡᠷ ᠤᠬᠠᠭᠤᠯᠭ᠎ᠠ ᠵᠢᠨ ᠲᠠᠪᠴᠠᠩ᠎ᠢ ᠪᠠᠢ᠌ᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠬᠠᠮᠲᠤ᠎ᠪᠠᠷ ᠠᠬᠢᠭᠤᠯᠬᠤ᠎ᠳᠤ ᠠᠷᠭ᠎ᠠ ᠤᠬᠠᠭ᠋ᠠᠨ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ ᠺᠣᠮᠫᠠᠨᠢ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠵᠢᠨ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠬᠡᠯᠲᠡᠰ᠎ᠤᠨ ᠶᠡᠷᠦᠩᠬᠡᠢ ᠳᠠᠭ᠋ᠠᠭ᠋ᠠᠮᠠᠯ ᠵᠠᠩ ᠯᠢ ᠨᠠ ᠲᠠᠨᠢᠯᠴᠠᠭᠤᠯᠤᠨ ᠬᠡᠯᠡᠵᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠲᠥᠪ᠎ᠤᠨ ᠡᠷᠬᠢᠯᠡᠭᠴᠢ ᠪᠠᠢ ᡁᠢ ᠹᠧᠩ ᠢᠯᠡᠷᠬᠡᠢ᠌ᠯᠡᠬᠦ᠎ᠳᠤ᠎ᠪᠠᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠣᠯᠠᠨ ᠲᠦᠮᠡᠨ᠎ᠳᠤ ᠨᠡᠭᠡᠭᠡᠯᠲᠡ ᠬᠢᠬᠦ ᠠᠵᠢᠯᠯᠠᠭ᠎ᠠ ᠪᠣᠯ ᠳᠠᠷᠤᠢ ᠠᠮᠢ ᠠᠬᠤᠢ ᠵᠢᠨ ᠣᠷᠴᠢᠨ ᠲᠣᠭᠣᠷᠢᠨ᠎ᠤ ᠲᠣᠮᠣ ᠡᠭᠦᠳᠡ ᠵᠢ ᠨᠡᠭᠡᠭᠡᠵᠦ᠂ ᠣᠯᠠᠨ ᠲᠦᠮᠡᠨ᠎ᠢ ᠠᠮᠢ ᠠᠬᠤᠢ ᠵᠢᠨ ᠣᠷᠴᠢᠨ ᠲᠣᠭᠣᠷᠢᠨ᠎ᠤ ᠠᠵᠢᠯ᠎ᠲᠠᠢ ᠣᠢ᠌ᠷᠠᠲᠤᠭᠤᠯᠵᠤ᠂ ᠪᠢᠳᠡ ᠶᠠᠭᠤ ᠬᠢᠬᠦ ᠪᠣᠢ? ᠣᠯᠠᠨ ᠲᠦᠮᠡᠨ ᠶᠠᠭᠤ ᠪᠣᠳᠣᠵᠤ ᠪᠠᠢ᠌ᠬᠤ ᠪᠣᠢ ᠭᠡᠬᠦ ᠬᠣᠶᠠᠷ᠎ᠢ ᠥᠯᠥ ᠮᠡᠳᠡᠬᠦ ᠪᠠᠢ᠌ᠳᠠᠯ᠎ᠢ ᠡᠪᠳᠡᠬᠦ ᠶᠠᠪᠤᠳᠠᠯ ᠪᠣᠯᠣᠨ᠎ᠠ᠃ ᠲᠠᠢ᠌ᠯᠤᠮᠵᠢ ᠬᠢᠵᠦ ᠤᠬᠠᠭᠤᠯᠬᠤ᠎ᠪᠠᠷ ᠳᠠᠮᠵᠢᠭᠤᠯᠤᠨ᠂ ᠣᠯᠠᠨ ᠲᠦᠮᠡᠨ᠎ᠳᠤ ᠠᠮᠢ ᠠᠬᠤᠢ ᠵᠢᠨ ᠣᠷᠴᠢᠨ ᠲᠣᠭᠣᠷᠢᠨ᠎ᠤ ᠠᠵᠢᠯ᠎ᠢ ᠣᠢ᠌ᠯᠠᠭ᠋ᠠᠭᠤᠯᠬᠤ ᠵᠢᠨ ᠬᠠᠮᠲᠤ᠂ ᠣᠯᠠᠨ ᠲᠦᠮᠡᠨ᠎ᠢ ᠢᠳᠡᠪᠬᠢᠲᠡᠢ ᠬᠥᠲᠥᠯᠥᠨ ᠵᠢᠯᠣᠭᠣᠳᠴᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠣᠷᠣᠯᠴᠠᠭᠤᠯᠤᠨ᠎ᠠ᠃ ᠠᠮᠢ ᠠᠬᠤᠢ ᠵᠢᠨ ᠣᠷᠴᠢᠨ ᠲᠣᠭᠣᠷᠢᠨ᠎ᠤ ᠠᠵᠢᠯ᠎ᠨᠢ ᠪᠦᠯᠬᠦᠮᠳᠡᠵᠦ ᠪᠣᠯᠬᠤ ᠠᠯᠢᠪᠠ ᠬᠦᠴᠦᠨ᠎ᠲᠠᠢ ᠪᠦᠯᠬᠦᠮᠳᠡᠬᠦ ᠵᠢ ᠱᠠᠭ᠋ᠠᠷᠳᠠᠵᠤ᠂ ᠪᠢᠳᠡ ᠣᠯᠠᠨ ᠲᠦᠮᠡᠨ᠎ᠳᠤ ᠨᠡᠭᠡᠭᠡᠯᠲᠡ ᠬᠢᠬᠦ ᠡᠨᠡ ᠬᠦ᠌ ᠲᠠᠪᠴᠠᠩ᠎ᠢ ᠭᠦᠢ᠍ᠴᠡᠳ ᠠᠰᠢᠭᠯᠠᠨ᠂ ᠣᠯᠠᠨ ᠬᠡᠯᠪᠡᠷᠢ ᠶᠠᠩᠵᠤ ᠵᠢᠨ ᠤᠬᠠᠭᠤᠯᠭ᠎ᠠ ᠬᠥᠮᠥᠵᠢᠯ᠎ᠤᠨ ᠠᠵᠢᠯᠯᠠᠭ᠎ᠠ ᠵᠢ ᠴᠤᠴᠠᠯᠲᠠ ᠦᠭᠡᠢ ᠥᠷᠨᠢᠭᠦᠯᠵᠦ᠂ ᠨᠡᠢ᠌ᠭᠡᠮ᠎ᠤᠨ ᠶᠠᠷᠢᠶ᠎ᠠ ᠬᠡᠯᠡᠯᠴᠡᠭᠡ ᠵᠢ ᠢᠳᠡᠪᠬᠢᠲᠡᠢ᠎ᠪᠠᠷ ᠬᠥᠲᠥᠯᠥᠨ ᠵᠢᠯᠣᠭᠣᠳᠴᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠵᠦ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠴᠢᠬᠤᠯᠠ ᠬᠠᠯᠬᠠᠪᠴᠢ ᠪᠠ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠨᠣᠭᠣᠭ᠋ᠠᠨ ᠥᠩᠭᠡᠲᠦ ᠤᠷᠲᠤ ᠴᠠᠭ᠋ᠠᠨ ᠬᠡᠷᠡᠮ᠎ᠢ ᠴᠣᠭᠴᠠᠯᠠᠨ ᠪᠠᠢ᠌ᠭᠤᠯᠬᠤ᠎ᠳᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠨ᠎ᠠ ᠭᠡᠵᠡᠢ᠃