《2017 ᠣᠨ᠎ᠤ ᠪᠦᠬᠦ ᠣᠷᠣᠨ᠎ᠤ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠠᠵᠢᠯ᠎ᠤᠨ ᠰᠢᠯᠭ᠋ᠠᠨ ᠬᠢᠨᠠᠵᠤ ᠦᠨᠡᠯᠡᠨ ᠰᠢᠯᠭ᠋ᠠᠷᠠᠭᠤᠯᠤᠭᠰᠠᠨ ᠪᠠᠢ᠌ᠳᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠵᠠᠷᠯᠠᠯ ᠮᠡᠳᠡᠭᠡᠯᠡᠯ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2017 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠦᠨᠡᠯᠡᠨ ᠰᠢᠯᠭ᠋ᠠᠷᠠᠭᠤᠯᠬᠤ ᠳᠤᠮᠳᠠ ᠲᠡᠷᠢᠭᠦᠨ᠎ᠤ ᠨᠢᠭᠡᠴᠢ ᠵᠢᠨ ᠨᠢᠭᠡᠳᠦᠭᠡᠷ ᠳᠡᠰ᠎ᠤᠨ ᠱᠠᠩᠨᠠᠯ᠎ᠢ ᠲᠣᠰᠴᠠᠢ᠃
ᠪᠦᠬᠦ ᠣᠷᠣᠨ᠎ᠤ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠠᠵᠢᠯ᠎ᠤᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ 《ᠠᠢ᠌ᠮᠠᠭ ᠬᠣᠲᠠ ᠵᠢᠨ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠠᠵᠢᠯ᠎ᠢ ᠰᠢᠯᠭ᠋ᠠᠨ ᠬᠢᠨᠠᠵᠤ ᠬᠤᠪᠢ ᠣᠯᠭᠣᠬᠤ ᠨᠠᠷᠢᠨ ᠳᠦᠷᠢᠮ》 (ᠥᠪᠥᠷ ᠵᠠᠰᠠᠭ ᠬᠥᠮᠥᠷᠭᠡ [2014] 134 ᠳ᠋ᠦ᠍ᠭᠡᠷ ᠲᠣᠭ᠋ᠠᠲᠤ) ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠰᠦᠯᠵᠢᠶᠡᠨ᠎ᠤ ᠬᠠᠮᠢᠶᠠᠷᠤᠯᠲᠠ ᠵᠢᠨ ᠲᠠᠪᠴᠠᠩ᠎ᠤᠨ ᠠᠦ᠋ᠲ ᠬᠤᠪᠢ ᠣᠯᠭᠣᠭᠰᠠᠨ ᠦᠷ᠎ᠡ ᠳ᠋ᠦᠩ ᠵᠶ᠋ᠡᠷ ᠯᠠᠪᠯᠠᠯᠲᠠ ᠪᠣᠯᠭ᠋ᠠᠵᠤ᠂ ᠡᠳ᠋᠎ᠤᠨ ᠵᠠᠰᠠᠭ᠎ᠤᠨ ᠶᠠᠮᠤᠨ᠎ᠤ ᠬᠢᠨᠠᠨ ᠬᠠᠷᠭᠤᠭᠤᠯᠤᠭᠰᠠᠨ ᠦᠷ᠎ᠡ ᠳ᠋ᠦᠩ᠂ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠲᠠᠩᠰᠠᠨ᠎ᠤ ᠬᠦᠰᠦᠨᠦᠭ᠎ᠤᠨ ᠨᠢᠭᠡᠳᠦᠯᠲᠦ ᠴᠢᠨᠠᠷ᠂ ᠢᠯᠡ ᠪᠣᠯᠭ᠋ᠠᠭᠰᠠᠨ ᠪᠠ ᠠᠵᠢᠯ᠎ᠤᠨ ᠬᠡᠮᠵᠢᠶ᠎ᠡ ᠵᠡᠷᠭᠡ ᠪᠠᠢ᠌ᠳᠠᠯ᠎ᠢ ᠶᠡᠷᠦᠩᠬᠡᠢ᠌ᠯᠡᠨ ᠪᠣᠳᠣᠯᠬᠢᠯᠠᠵᠤ᠂ 2017 ᠣᠨ᠎ᠤ ᠪᠦᠬᠦ ᠣᠷᠣᠨ᠎ᠤ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠠᠵᠢᠯ᠎ᠢ ᠰᠢᠯᠭ᠋ᠠᠨ ᠬᠢᠨᠠᠬᠤ ᠪᠠ ᠦᠨᠡᠯᠡᠨ ᠰᠢᠯᠭ᠋ᠠᠷᠠᠭᠤᠯᠵᠤ᠂ ᠠᠵᠢᠯ᠎ᠤᠨ ᠲᠡᠷᠢᠭᠦᠨ᠎ᠤ ᠨᠢᠭᠡᠴᠢ ᠵᠢ ᠵᠠᠷᠯᠠᠨ ᠮᠡᠳᠡᠭᠡᠯᠡᠵᠦ ᠱᠠᠩᠨᠠᠨ ᠬᠥᠬᠢᠭᠦᠯᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2017 ᠣᠨ᠎ᠤ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠮᠡᠳᠡᠭᠦᠯᠦᠯᠲᠡ ᠵᠢᠨ ᠬᠦᠰᠦᠨᠦᠭ᠎ᠢ ᠨᠠᠢ᠌ᠷᠠᠭᠤᠯᠤᠨ ᠬᠢᠨᠠᠬᠤ ᠠᠵᠢᠯ ᠳᠤᠮᠳᠠ᠂ ᠨᠠᠷᠢᠨ ᠬᠢᠨᠠᠮᠠᠭ᠋ᠠᠢ ᠵᠣᠬᠢᠶᠠᠨ ᠪᠠᠢ᠌ᠭᠤᠯᠵᠤ᠂ ᠴᠠᠭ ᠲᠤᠬᠠᠢᠳᠤᠨᠢ ᠮᠡᠳᠡᠭᠦᠯᠦᠨ ᠬᠦᠷᠭᠡᠵᠦ᠂ ᠲᠥᠰᠥᠪ᠎ᠤᠨ ᠭᠦᠢ᠍ᠴᠡᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠨᠢ ᠨᠡᠯᠢᠶᠡᠳ ᠥᠨᠳᠥᠷ ᠪᠠᠢ᠌ᠵᠤ᠂ ᠪᠤᠰᠤᠳ ᠭᠠᠵᠠᠷ ᠣᠷᠣᠨ ᠪᠠ ᠰᠠᠯᠠᠭ᠎ᠠ ᠮᠥᠴᠢᠷ (ᠨᠢᠭᠡᠴᠢ)᠎ᠳᠤ ᠬᠡᠪ ᠳᠠᠭᠤᠷᠢᠶᠠᠯ ᠪᠣᠯᠵᠤ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠠᠯᠠᠭ᠎ᠠ ᠮᠥᠴᠢᠷ᠎ᠤᠳ᠎ᠤᠨ ᠲᠥᠰᠥᠪ᠎ᠤᠨ ᠭᠦᠢ᠍ᠴᠡᠳᠬᠡᠯ᠎ᠤᠨ ᠦᠨᠡᠯᠡᠨ ᠰᠢᠯᠭ᠋ᠠᠷᠠᠭᠤᠯᠬᠤ ᠳᠤᠮᠳᠠ ᠲᠡᠷᠢᠭᠦᠨ᠎ᠤ ᠨᠢᠭᠡᠴᠢ ᠵᠢᠨ ᠨᠢᠭᠡᠳᠦᠭᠡᠷ ᠳᠡᠰ᠎ᠤᠨ ᠱᠠᠩᠨᠠᠯ᠎ᠤᠨ ᠢᠷᠠᠭᠤ ᠠᠯᠳᠠᠷ ᠬᠦᠷᠲᠡᠵᠡᠢ᠃