ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ 2019 ᠣᠨ᠎ᠤ 2 ᠳ᠋ᠤᠭ᠋ᠠᠷ ᠤᠳᠠᠭ᠋ᠠᠨ᠎ᠤ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2019-02-22

   2 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ 2019 ᠣᠨ᠎ᠤ 2 ᠳ᠋ᠤᠭ᠋ᠠᠷ ᠤᠳᠠᠭ᠋ᠠᠨ᠎ᠤ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ᠃
      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠳᠤᠭ᠋ᠠᠷ᠂ ᠠᠷᠪᠠᠨ ᠨᠢᠭᠡᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠪᠠ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠎ᠤᠨ 〈ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢᠬᠢ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠢ᠌ᠳᠠᠯ᠎ᠤᠨ ᠲᠤᠬᠠᠢ ᠢᠯᠡᠳᠬᠡᠯ〉᠎ᠢ ᠳᠠᠷᠤᠮᠠᠯᠯᠠᠨ ᠲᠠᠷᠬᠠᠭ᠋ᠠᠬᠤ ᠵᠠᠷᠯᠠᠯ》 ᠪᠠ 《ᠭᠦᠳᠬᠡᠨ ᠵᠠᠭ᠋ᠠᠯᠳᠤᠵᠤ ᠭᠦᠵᠢᠷᠳᠡᠨ ᠬᠣᠣᠷᠯᠠᠬᠤ᠎ᠪᠠᠷ ᠵᠠᠬᠢᠳᠠᠯ ᠰᠤᠷᠪᠤᠯᠵᠢᠯᠠᠯ ᠬᠢᠵᠦ ᠢᠯᠡᠴᠢᠯᠡᠨ ᠮᠡᠳᠡᠭᠦᠯᠦᠭᠰᠡᠨ᠎ᠢ ᠪᠠᠢ᠌ᠴᠠᠭ᠋ᠠᠨ ᠰᠢᠢ᠍ᠳᠬᠡᠵᠦ ᠺᠠᠳ᠋ᠷᠴᠤᠳ᠎ᠤᠨ ᠤᠴᠢᠷ ᠶᠠᠪᠤᠳᠠᠯ᠎ᠢ᠎ᠨᠢ ᠲᠣᠳᠣᠷᠬᠠᠢ᠌ᠯᠠᠵᠤ ᠨᠡᠷ᠎ᠡ ᠲᠥᠷᠥ ᠵᠢ᠎ᠨᠢ ᠵᠠᠯᠠᠷᠠᠭᠤᠯᠤᠨ ᠵᠥᠪᠲᠥᠭᠡᠬᠦ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠤᠯᠠᠮᠵᠢᠯᠠᠪᠠ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠮᠦᠸᠧ ᠰᠢᠶᠤᠤ ᠯᠢᠶᠠᠨ᠎ᠠᠴᠠ ᠰᠢ ᠵᠢᠨ ᠫᠢᠩ᠂ ᠯᠢ ᠺᠧ ᠴᠢᠶᠠᠩ᠎ᠤᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ ᠵᠢ ᠤᠯᠠᠮᠵᠢᠯᠠᠪᠠ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ᠎ᠠᠴᠠ ᠯᠢ ᠵᠢᠢ ᠡᠾᠧᠩ᠂ ᠪᠦ᠋ ᠰᠢᠶᠤᠤ ᠯᠢᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠳᠤᠭ᠋ᠠᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ ᠵᠢ ᠤᠯᠠᠮᠵᠢᠯᠠᠵᠠᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠰᠤᠷᠤᠯᠴᠠᠨ ᠲᠤᠭᠤᠰᠢᠯᠠᠭᠤᠯᠵᠤ ᠨᠠᠢ᠌ᠳᠠᠪᠤᠷᠢᠵᠢᠭᠤᠯᠬᠤ ᠠᠵᠢᠯ᠎ᠤᠨ ᠲᠤᠬᠠᠢ ᠳᠥᠷᠪᠡᠨ ᠲᠠᠯ᠎ᠠ ᠵᠢᠨ ᠰᠠᠨᠠᠯ ᠳᠤᠷᠠᠳᠪᠠ᠄ ᠨᠢᠭᠡ᠎ᠳᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠤᠬᠠᠮᠰᠠᠷ᠎ᠠᠴᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠳᠤᠭ᠋ᠠᠷ᠂ ᠠᠷᠪᠠᠨ ᠨᠢᠭᠡᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ᠎ᠲᠠᠢ ᠨᠢᠭᠡᠳᠦᠭᠦᠯᠬᠦ ᠬᠡᠷᠡᠭᠲᠡᠢ; ᠬᠣᠶᠠᠷ᠎ᠲᠤ᠂ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠡᠷᠡᠰ ᠰᠢᠭᠤᠷᠬᠠᠢ᠎ᠪᠠᠷ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ; ᠭᠤᠷᠪᠠ᠎ᠳᠤ᠂ ᠲᠤᠭ ᠲᠡᠮᠳᠡᠭ ᠲᠣᠳᠣᠷᠬᠠᠢ᠎ᠪᠠᠷ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠺᠠᠳ᠋ᠷᠴᠤᠳ᠎ᠲᠤ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ; ᠳᠥᠷᠪᠡ᠎ᠳᠤ᠂ ᠨᠡᠩ ᠶᠡᠬᠡ ᠬᠦᠴᠦᠨ ᠵᠠᠷᠤᠴᠠᠭᠤᠯᠵᠤ ᠪᠠᠢ᠌ᠭ᠋ᠠᠳ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠤᠯᠭ᠎ᠠ ᠨᠠᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠠᠵᠢᠯ᠎ᠤᠨ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ᠎ᠳᠤ ᠲᠠᠢ᠌ᠯᠤᠮᠵᠢ ᠬᠢᠬᠦ ᠪᠣᠯᠪᠠᠰᠤᠷᠠᠯ᠎ᠤᠨ ᠬᠤᠷᠠᠯ᠎ᠢ ᠠᠮᠵᠢᠯᠲᠠ᠎ᠲᠠᠢ ᠡᠷᠬᠢᠯᠡᠪᠡ
ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ᠎ᠨᠢ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠳᠤ ᠬᠠᠯᠠᠭᠤᠨ ᠲᠤᠰᠬᠠᠯ ᠭᠠᠷᠭ᠋ᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠡᠮᠡᠭᠲᠡᠢ᠌ᠴᠦᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠲᠤᠰᠬᠠᠢ ᠰᠡᠳᠦᠪᠲᠦ ᠲᠠᠢ᠌ᠯᠤᠮᠵᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠭ᠋ᠠᠷ ᠮᠠᠨᠳᠠᠯ ᠪᠠ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠠᠯᠪᠠᠨ ᠭᠡᠷ᠎ᠠᠴᠠ ᠪᠤᠭᠤᠲᠤ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
ᠠᠯᠠᠱ᠌ᠠ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠤᠬᠠᠭᠤᠯᠭ᠎ᠠ ᠵᠢᠨ ᠦᠷ᠎ᠡ ᠪᠦᠲᠦᠮᠵᠢ᠎ᠪᠠᠨ ᠴᠢᠬᠤᠯᠠᠴᠢᠯᠠᠨ ᠳᠡᠭᠡᠭᠰᠢᠯᠡᠭᠦᠯᠵᠦ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ ᠵᠢ ᠲᠠᠰᠤᠷᠠᠯᠲᠠ ᠦᠭᠡᠢ ᠢᠯᠡᠷᠡᠭᠦᠯᠵᠦ ᠪᠠᠢ᠌ᠨ᠎ᠠ
 
             蒙ICP备05000248号