ᠣᠢ᠌ᠷ᠎ᠠ᠎ᠳᠤ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠪᠦᠬᠦ ᠬᠣᠲᠠ ᠵᠢᠨ ᠲᠣᠰᠣ ᠨᠡᠮᠡᠬᠦ ᠥᠷᠲᠡᠭᠡ᠂ ᠲᠣᠰᠣ ᠬᠠᠳᠠᠭ᠋ᠠᠯᠠᠬᠤ ᠬᠥᠮᠥᠷᠭᠡ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢᠴᠢ ᠵᠠᠮ᠎ᠤᠨ ᠪᠤᠰᠤ ᠮᠧᠬᠠᠨᠢᠭ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠬᠤᠷᠠᠯ᠎ᠢ ᠬᠤᠷᠠᠯᠳᠤᠭᠤᠯᠵᠤ᠂ 2018 ᠣᠨ᠎ᠤ ᠲᠣᠰᠣ ᠨᠡᠮᠡᠬᠦ ᠥᠷᠲᠡᠭᠡ ᠵᠢᠨ ᠲᠣᠰᠣ ᠬᠠᠳᠠᠭ᠋ᠠᠯᠠᠬᠤ ᠰᠠᠪᠠ ᠵᠢᠨ ᠨᠡᠪᠴᠢᠯᠲᠡ ᠵᠢ ᠰᠡᠷᠭᠡᠢ᠌ᠯᠡᠬᠦ ᠥᠭᠡᠷᠡᠴᠢᠯᠡᠯᠲᠡ ᠵᠢ ᠪᠡᠶᠡᠯᠡᠭᠦᠯᠦᠭᠰᠡᠨ ᠪᠠᠢ᠌ᠳᠠᠯ; ᠲᠣᠰᠣ ᠨᠡᠮᠡᠬᠦ ᠥᠷᠲᠡᠭᠡ᠂ ᠲᠣᠰᠣ ᠬᠠᠳᠠᠭ᠋ᠠᠯᠠᠬᠤ ᠬᠥᠮᠥᠷᠭᠡ ᠵᠢᠨ ᠲᠣᠰᠣᠨ᠎ᠤ ᠪᠣᠬᠢᠷᠲᠤᠯ᠎ᠳᠤ ᠬᠢᠨᠠᠯᠲᠠ ᠲᠠᠯᠪᠢᠵᠤ ᠪᠠᠢ᠌ᠴᠠᠭ᠋ᠠᠭᠰᠠᠨ ᠪᠠᠢ᠌ᠳᠠᠯ; ᠵᠠᠮ᠎ᠤᠨ ᠪᠤᠰᠤ ᠮᠧᠬᠠᠨᠢᠭ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠪᠠᠢ᠌ᠳᠠᠯ᠎ᠢ ᠵᠠᠷᠯᠠᠨ ᠮᠡᠳᠡᠭᠡᠯᠡᠪᠡ᠃
2018 ᠣᠨ᠎ᠳᠤ᠂ ᠬᠥᠬᠡᠬᠣᠲᠠ ᠨᠡᠢ᠌ᠲᠡ 148 ᠲᠣᠰᠣ ᠨᠡᠮᠡᠬᠦ ᠥᠷᠲᠡᠭᠡ᠂ 726 ᠲᠣᠰᠣ ᠬᠠᠳᠠᠭ᠋ᠠᠯᠠᠬᠤ ᠰᠠᠪᠠ ᠵᠢᠨ ᠨᠡᠪᠴᠢᠯᠲᠡ ᠵᠢ ᠰᠡᠷᠭᠡᠢ᠌ᠯᠡᠬᠦ ᠥᠭᠡᠷᠡᠴᠢᠯᠡᠯᠲᠡ ᠵᠠᠰᠠᠯᠲᠠ ᠵᠢ ᠪᠡᠶᠡᠯᠡᠭᠦᠯᠵᠦ᠂ ᠥᠭᠡᠷᠡᠴᠢᠯᠡᠯᠲᠡ ᠵᠠᠰᠠᠯᠲᠠ ᠵᠢ ᠪᠡᠶᠡᠯᠡᠭᠦᠯᠦᠭᠰᠡᠨ ᠨᠣᠷᠮ᠎ᠠ᠎ᠨᠢ 64.4%᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠠᠴᠠ ᠪᠠᠭᠤᠯᠭ᠋ᠠᠭᠰᠠᠨ ᠡᠭᠦᠷᠭᠡ ᠵᠢᠨ ᠬᠠᠷᠠᠯᠲᠠ ᠵᠢ ᠠᠮᠵᠢᠯᠲᠠ᠎ᠲᠠᠢ ᠪᠡᠶᠡᠯᠡᠭᠦᠯᠪᠡ᠃ ᠪᠦᠬᠦ ᠬᠣᠲᠠ ᠵᠢᠨ 121 ᠲᠣᠰᠣ ᠨᠡᠮᠡᠬᠦ ᠥᠷᠲᠡᠭᠡ ᠪᠠ ᠲᠣᠰᠣ ᠬᠠᠳᠠᠭ᠋ᠠᠯᠠᠬᠤ ᠬᠥᠮᠥᠷᠭᠡ ᠵᠢᠨ ᠲᠣᠰᠣ ᠵᠢ ᠬᠤᠷᠢᠶᠠᠨ ᠠᠪᠤᠭᠰᠠᠨ ᠪᠠᠢ᠌ᠳᠠᠯ᠎ᠳᠤ ᠬᠢᠨᠠᠯᠲᠠ ᠲᠠᠯᠪᠢᠨ ᠪᠠᠢ᠌ᠴᠠᠭ᠋ᠠᠵᠤ᠂ ᠪᠠᠢ᠌ᠴᠠᠭ᠋ᠠᠯᠲᠠ᠎ᠳᠤ ᠠᠰᠠᠭᠤᠳᠠᠯ᠎ᠢ᠎ᠨᠢ ᠢᠯᠡᠷᠡᠭᠦᠯᠦᠭᠰᠡᠨ ᠲᠣᠰᠣ ᠨᠡᠮᠡᠬᠦ ᠥᠷᠲᠡᠭᠡ᠂ ᠲᠣᠰᠣ ᠬᠠᠳᠠᠭ᠋ᠠᠯᠠᠬᠤ ᠬᠥᠮᠥᠷᠭᠡ ᠵᠢ ᠳᠡᠰ ᠳᠠᠷᠠᠭ᠋ᠠᠯᠠᠯ ᠪᠠ ᠱᠠᠭ᠋ᠠᠷᠳᠠᠯᠭ᠎ᠠ ᠶᠣᠰᠣᠭ᠋ᠠᠷ ᠬᠤᠭᠤᠴᠠᠭ᠎ᠠ ᠲᠣᠭᠲᠠᠭ᠋ᠠᠨ ᠴᠡᠭᠴᠡᠯᠡᠨ ᠥᠭᠡᠷᠡᠴᠢᠯᠡᠪᠡ᠃ ᠬᠣᠲᠠ ᠵᠢᠨ ᠳᠥᠷᠪᠡᠨ ᠲᠣᠭᠣᠷᠢᠭ᠎ᠤᠨ ᠵᠠᠮ᠎ᠤᠨ ᠪᠤᠰᠤ ᠮᠧᠬᠠᠨᠢᠭ᠎ᠤᠨ ᠬᠡᠷᠡᠭᠯᠡᠭᠰᠡᠨ ᠪᠠᠢ᠌ᠳᠠᠯ᠎ᠳᠤ ᠣᠢ᠌ᠯᠭ᠋ᠠᠨ ᠲᠣᠳᠣᠯᠠᠬᠤ ᠪᠠᠢ᠌ᠴᠠᠭ᠋ᠠᠯᠲᠠ ᠬᠢᠭᠰᠡᠨ ᠪᠠ ᠪᠦᠷᠢᠳᠬᠡᠨ ᠳᠠᠩᠰᠠᠯᠠᠵᠤ᠂ ᠨᠡᠢ᠌ᠲᠡ 1119 ᠬᠤᠪᠢ ᠪᠦᠷᠢᠳᠬᠡᠨ ᠳᠠᠩᠰᠠᠯᠠᠵᠠᠢ᠃
2019 ᠣᠨ᠎ᠳᠤ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠡᠯ᠎ᠡ ᠬᠣᠰᠢᠭᠤ ᠰᠢᠶᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠢ ᠱᠠᠭ᠋ᠠᠷᠳᠠᠨ ᠲᠣᠰᠣ ᠨᠡᠮᠡᠬᠦ ᠥᠷᠲᠡᠭᠡ᠂ ᠲᠣᠰᠣ ᠬᠠᠳᠠᠭ᠋ᠠᠯᠠᠬᠤ ᠬᠥᠮᠥᠷᠭᠡ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠠ ᠵᠠᠮ᠎ᠤᠨ ᠪᠤᠰᠤ ᠮᠧᠬᠠᠨᠢᠭ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ ᠲᠣᠰᠣ ᠨᠡᠮᠡᠬᠦ ᠥᠷᠲᠡᠭᠡᠨ᠎ᠤ ᠲᠣᠰᠣ ᠬᠠᠳᠠᠭ᠋ᠠᠯᠠᠬᠤ ᠰᠠᠪᠠ ᠵᠢᠨ ᠨᠡᠪᠴᠢᠯᠲᠡ ᠵᠢ ᠰᠡᠷᠭᠡᠢ᠌ᠯᠡᠬᠦ ᠥᠭᠡᠷᠡᠴᠢᠯᠡᠯᠲᠡ ᠵᠠᠰᠠᠯᠲᠠ ᠵᠢᠨ ᠠᠵᠢᠯ᠎ᠢ ᠦᠷᠭᠦᠯᠵᠢᠯᠡᠨ ᠠᠬᠢᠭᠤᠯᠵᠤ᠂ 2019 ᠣᠨ᠎ᠳᠤ ᠡᠯ᠎ᠡ ᠲᠥᠷᠥᠯ ᠬᠡᠯᠪᠡᠷᠢ ᠵᠢᠨ ᠲᠣᠰᠣ ᠨᠡᠮᠡᠬᠦ ᠥᠷᠲᠡᠭᠡ ᠵᠢᠨ ᠥᠭᠡᠷᠡᠴᠢᠯᠡᠨ ᠵᠠᠰᠠᠬᠤ ᠡᠭᠦᠷᠭᠡ ᠵᠢᠨ 90%᠎ᠠᠴᠠ ᠳᠡᠭᠡᠭᠰᠢᠬᠢ ᠵᠢ ᠪᠡᠶᠡᠯᠡᠭᠦᠯᠬᠦ ᠵᠢ ᠪᠠᠲᠤᠯᠠᠨ᠎ᠠ; ᠡᠯ᠎ᠡ ᠬᠣᠰᠢᠭᠤ ᠰᠢᠶᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠲᠣᠰᠣ ᠨᠡᠮᠡᠬᠦ ᠥᠷᠲᠡᠭᠡ᠂ ᠲᠣᠰᠣ ᠬᠠᠳᠠᠭ᠋ᠠᠯᠠᠬᠤ ᠬᠥᠮᠥᠷᠭᠡ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠵᠢᠨ ᠬᠠᠮᠲᠤ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠲᠠᠢ ᠬᠠᠮᠵᠢᠯᠴᠠᠨ ᠬᠢᠨᠠᠯᠲᠠ ᠲᠠᠯᠪᠢᠬᠤ ᠴᠢᠨᠠᠷᠲᠠᠢ ᠪᠠᠢ᠌ᠴᠠᠭ᠋ᠠᠯᠲᠠ ᠪᠠ ᠪᠠᠢ᠌ᠴᠠᠭ᠋ᠠᠨ ᠬᠡᠮᠵᠢᠬᠦ ᠠᠵᠢᠯ᠎ᠢ ᠪᠡᠶᠡᠯᠡᠭᠦᠯᠵᠦ᠂ ᠭᠠᠷᠠᠭ ᠪᠦᠷᠢ ᠨᠢᠭᠡ ᠬᠣᠰᠢᠭᠤ ᠰᠢᠶᠠᠨ ᠲᠣᠭᠣᠷᠢᠭ᠎ᠲᠤ ᠬᠢᠨᠠᠯᠲᠠ ᠲᠠᠯᠪᠢᠨ ᠪᠠᠢ᠌ᠴᠠᠭ᠋ᠠᠯᠲᠠ ᠬᠢᠵᠦ᠂ ᠪᠦᠬᠦ ᠵᠢᠯ᠎ᠤᠨ ᠪᠠᠢ᠌ᠴᠠᠭ᠋ᠠᠯᠲᠠ ᠵᠢᠨ ᠨᠣᠷᠮ᠎ᠠ ᠵᠢ ᠪᠦᠬᠦ ᠬᠣᠲᠠ ᠵᠢᠨ ᠲᠣᠰᠣ ᠨᠡᠮᠡᠬᠦ ᠥᠷᠲᠡᠭᠡ ᠵᠢᠨ ᠶᠡᠷᠦᠩᠬᠡᠢ ᠲᠣᠭ᠋ᠠᠨ᠎ᠤ 50%᠎ᠠᠴᠠ ᠳᠡᠭᠡᠭᠰᠢ ᠬᠦᠷᠭᠡᠨ᠎ᠡ᠃ ᠵᠠᠮ᠎ᠤᠨ ᠪᠤᠰᠤ ᠮᠧᠬᠠᠨᠢᠭ᠎ᠤᠨ ᠣᠢ᠌ᠯᠭ᠋ᠠᠨ ᠲᠣᠳᠣᠯᠠᠬᠤ ᠪᠠᠢ᠌ᠴᠠᠭ᠋ᠠᠯᠲᠠ ᠪᠠ ᠪᠦᠷᠢᠳᠬᠡᠨ ᠳᠠᠩᠰᠠᠯᠠᠬᠤ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠬᠣᠲᠠ ᠵᠢᠨ ᠳᠥᠷᠪᠡᠨ ᠲᠣᠭᠣᠷᠢᠭ ᠵᠶ᠋ᠠᠷ ᠭᠣᠣᠯᠳᠠᠯᠭ᠎ᠠ ᠪᠣᠯᠭ᠋ᠠᠭᠰᠠᠨ ᠵᠠᠮ᠎ᠤᠨ ᠪᠤᠰᠤ ᠮᠧᠬᠠᠨᠢᠭ᠎ᠤᠨ ᠪᠣᠬᠢᠷᠲᠤᠯ᠎ᠢ ᠰᠡᠷᠭᠡᠢ᠌ᠯᠡᠨ ᠵᠠᠰᠠᠵᠤ ᠬᠠᠤᠯᠢ ᠬᠡᠷᠡᠭᠵᠢᠭᠦᠯᠬᠦ ᠪᠠᠢ᠌ᠴᠠᠭ᠋ᠠᠯᠲᠠ ᠵᠢ ᠴᠢᠩᠭ᠋ᠠᠳᠬᠠᠵᠤ᠂ ᠰᠢᠯᠵᠢᠭᠡ ᠰᠤᠷᠪᠤᠯᠵᠢ᠎ᠲᠠᠢ ᠪᠣᠬᠢᠷᠲᠤᠯ᠎ᠢ ᠡᠬᠢ ᠢᠷᠡᠯᠲᠡ᠎ᠠᠴᠠ᠎ᠨᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠨ᠎ᠠ᠃