ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ ᠵᠢᠨ ᠦᠨᠡᠯᠡᠯᠲᠡ ᠬᠢᠬᠦ ᠰᠢᠰᠲ᠋ᠧᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠲᠤᠰᠠᠳᠠ᠂ ᠠᠯᠠᠱ᠌ᠠ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠪᠦᠬᠦ ᠣᠷᠣᠨ᠎ᠤ ᠢᠲᠡᠭᠡᠮᠵᠢ ᠵᠢᠨ ᠪᠠᠢ᠌ᠭᠤᠯᠤᠯᠲᠠ ᠵᠢᠨ ᠦᠢ᠍ᠯᠡᠴᠢᠯᠡᠭᠡ ᠵᠢᠨ ᠪᠠᠢ᠌ᠭᠤᠯᠤᠮᠵᠢ ᠵᠢ ᠮᠠᠭ᠋ᠠᠳᠯᠠᠨ ᠲᠣᠭᠲᠠᠭ᠋ᠠᠬᠤ ᠠᠵᠢᠯ᠎ᠢ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ ᠵᠢ ᠰᠣᠩᠭᠣᠨ ᠬᠥᠮᠥᠵᠢᠭᠦᠯᠬᠦ ᠠᠵᠢᠯ᠎ᠢ ᠥᠷᠨᠢᠭᠦᠯᠬᠦ᠎ᠪᠠᠷ ᠲᠣᠬᠢᠶᠠᠯ ᠪᠣᠯᠭ᠋ᠠᠵᠤ᠂ ᠦᠨᠡᠨᠴᠢ ᠢᠲᠡᠭᠡᠮᠵᠢ ᠵᠢᠨ ᠬᠠᠮᠢᠶ᠎ᠠ ᠪᠦᠬᠦᠢ ᠤᠬᠠᠭᠤᠯᠭ᠎ᠠ ᠵᠢᠨ ᠠᠵᠢᠯ᠎ᠢ ᠥᠷᠨᠢᠭᠦᠯᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠋ᠠᠨ᠎ᠳᠠᠬᠢ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ ᠵᠢ ᠭᠦᠨᠵᠡᠭᠡᠢ ᠢᠯᠡᠷᠡᠭᠦᠯᠬᠦ᠎ᠳᠤ ᠪᠠᠲᠤ ᠴᠢᠩᠭ᠎ᠠ ᠰᠠᠭᠤᠷᠢ ᠵᠢ ᠲᠠᠯᠪᠢᠵᠠᠢ᠃
ᠠᠯᠠᠱ᠌ᠠ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠴᠣᠩᠬᠣᠪᠴᠢ᠎ᠨᠢ ᠲᠤᠬᠠᠢ᠌ᠯᠠᠭᠰᠠᠨ ᠠᠵᠢᠯ ᠵᠶ᠋ᠠᠨ ᠭᠦᠢ᠍ᠴᠡᠳᠬᠡᠵᠦ ᠳᠠᠭᠤᠰᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠬᠢᠨᠠᠯᠲᠠ ᠵᠥᠪᠰᠢᠶᠡᠷᠡᠯ ᠪᠠ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠵᠡᠷᠭᠡ ᠲᠤᠰᠬᠠᠢ᠌ᠯᠠᠭᠰᠠᠨ ᠠᠵᠢᠯ ᠭᠦᠢ᠍ᠴᠡᠳᠬᠡᠬᠦ᠎ᠪᠠᠷ ᠢᠷᠡᠭᠰᠡᠨ ᠥᠷᠭᠡᠨ ᠣᠯᠠᠨ ᠠᠷᠠᠳ ᠲᠦᠮᠡᠨ᠎ᠳᠤ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ ᠵᠢ ᠰᠣᠩᠭᠣᠨ ᠬᠥᠮᠥᠵᠢᠭᠦᠯᠬᠦ᠂ ᠢᠲᠡᠭᠡᠮᠵᠢ ᠵᠢᠨ ᠪᠠᠢ᠌ᠭᠤᠯᠤᠯᠲᠠ ᠵᠢᠨ ᠦᠢ᠍ᠯᠡᠴᠢᠯᠡᠭᠡ ᠵᠢᠨ ᠪᠠᠢ᠌ᠭᠤᠯᠤᠮᠵᠢ ᠵᠢ ᠮᠠᠭ᠋ᠠᠳᠯᠠᠨ ᠲᠣᠭᠲᠠᠭ᠋ᠠᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠲᠠᠢ᠌ᠯᠤᠮᠵᠢ ᠬᠢᠵᠦ᠂ ᠠᠵᠢᠯ ᠬᠡᠷᠡᠭ ᠭᠦᠢ᠍ᠴᠡᠳᠬᠡᠬᠦ ᠣᠯᠠᠨ ᠲᠦᠮᠡᠨ᠎ᠤ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ᠎ᠳᠤ ᠬᠡᠷᠡᠭᠵᠢᠭᠦᠯᠵᠦ ᠪᠠᠢ᠌ᠭ᠎ᠠ ᠤᠷᠮᠠᠰᠢᠭᠤᠯᠬᠤ ᠠᠷᠭ᠎ᠠ ᠬᠡᠮᠵᠢᠶ᠎ᠡ ᠪᠠ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ ᠵᠢ ᠬᠥᠮᠥᠵᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠤᠨ ᠲᠤᠬᠠᠢ ᠣᠢ᠌ᠯᠠᠭ᠋ᠠᠯᠲᠠ ᠵᠢ ᠴᠢᠩᠭ᠋ᠠᠳᠬᠠᠪᠠ᠃ ᠡᠭᠦᠨ᠎ᠤ ᠬᠠᠮᠲᠤ ᠣᠯᠠᠨ ᠲᠦᠮᠡᠨ᠎ᠳᠤ 《ᠢᠲᠡᠭᠡᠮᠵᠢ ᠵᠢᠨ ᠮᠡᠳᠡᠭᠡ ᠵᠠᠩᠭᠢ ᠵᠢᠨ ᠠᠵᠢᠯ ᠲᠥᠷᠥᠯ ᠬᠠᠮᠢᠶᠠᠷᠤᠯᠲᠠ ᠵᠢᠨ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ》 ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ᠂ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ ᠵᠢ ᠬᠥᠮᠥᠵᠢᠭᠦᠯᠬᠦ ᠵᠢᠨ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠠᠴᠢ ᠬᠣᠯᠪᠣᠭᠳᠠᠯ᠎ᠢ ᠲᠦᠭᠡᠮᠡᠯᠵᠢᠭᠦᠯᠦᠭᠰᠡᠨᠤ ᠬᠠᠮᠲᠤ᠂ ᠣᠳᠣ ᠵᠢᠨ ᠪᠠᠢ᠌ᠭ᠎ᠠ ᠠᠵᠤ ᠠᠬᠤᠢ᠌ᠯᠠᠯ᠎ᠤᠨ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ ᠪᠣᠯᠬᠤ᠎ᠪᠠᠷ ᠴᠢᠷᠮᠠᠢ᠌ᠬᠤ ᠵᠢ ᠵᠣᠷᠢᠭᠵᠢᠭᠤᠯᠤᠨ᠂ ᠰᠢᠨ᠎ᠡ᠎ᠪᠠᠷ ᠪᠠᠢ᠌ᠭᠤᠯᠤᠭᠰᠠᠨ ᠠᠵᠤ ᠠᠬᠤᠢ᠌ᠯᠠᠯ᠎ᠤᠨ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ᠎ᠠᠴᠠ ᠰᠤᠷᠤᠯᠴᠠᠬᠤ ᠵᠢ ᠵᠣᠷᠢᠭᠵᠢᠭᠤᠯᠪᠠ᠃ ᠪᠦᠬᠦ ᠠᠵᠤ ᠠᠬᠤᠢ᠌ᠯᠠᠯ᠎ᠤᠨ ᠶᠡᠷᠦᠩᠬᠡᠢ᠌ᠯᠡᠭᠰᠡᠨ ᠪᠣᠳᠠᠲᠤ ᠬᠦᠴᠦᠨ ᠵᠶ᠋ᠡᠷ ᠴᠢᠩᠭ᠎ᠠ᠂ ᠠᠵᠢᠯ ᠲᠥᠷᠥᠯ᠎ᠤᠨ ᠨᠥᠯᠥᠭᠡᠯᠡᠬᠦ ᠬᠦᠴᠦᠨ ᠵᠶ᠋ᠡᠷ ᠶᠡᠬᠡ᠂ ᠨᠡᠢ᠌ᠭᠡᠮ᠎ᠤᠨ ᠢᠲᠡᠭᠡᠮᠵᠢ᠎ᠪᠠᠷ ᠰᠠᠢ᠌ᠨ ᠢᠲᠡᠭᠡᠮᠵᠢ ᠵᠢ ᠪᠠᠷᠢᠮᠲᠠᠯᠠᠭᠰᠠᠨ ᠠᠵᠤ ᠠᠬᠤᠢ᠌ᠯᠠᠯ ᠪᠣᠯᠬᠤ᠎ᠪᠠᠷ ᠴᠢᠷᠮᠠᠢ᠌ᠵᠤ᠂ ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠵᠤ᠂ ᠨᠡᠢ᠌ᠭᠡᠮ᠎ᠤᠨ ᠢᠲᠡᠭᠡᠮᠵᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢ ᠵᠢ ᠪᠠᠷᠢᠮᠲᠠᠯᠠᠭᠰᠠᠨ ᠣᠷᠴᠢᠨ ᠲᠣᠭᠣᠷᠢᠨ᠎ᠢ ᠪᠣᠢ ᠪᠣᠯᠭ᠋ᠠᠬᠤ᠎ᠳᠤ ᠬᠤᠪᠢ ᠨᠡᠮᠡᠷᠢ᠎ᠪᠠᠨ ᠬᠠᠨᠳᠢᠪᠯᠠᠬᠤ ᠵᠢ ᠵᠣᠷᠢᠭᠵᠢᠭᠤᠯᠪᠠ᠃ ᠤᠬᠠᠭᠤᠯᠭ᠎ᠠ ᠬᠢᠬᠦ ᠶᠠᠪᠤᠴᠠ᠎ᠳᠤ᠂ ᠣᠯᠠᠨ ᠨᠡᠢ᠌ᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠵᠢ ᠲᠠᠰᠤᠷᠠᠯᠲᠠ ᠦᠭᠡᠢ ᠥᠷᠭᠡᠳᠬᠡᠬᠦ ᠵᠢᠨ ᠲᠤᠰᠠᠳᠠ᠂ ᠠᠯᠠᠱ᠌ᠠ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠠᠢ᠌ᠮᠠᠭ᠎ᠤᠨ ᠵᠶ᠋ᠠᠨ ᠴᠥᠭᠡᠨ ᠲᠣᠭ᠋ᠠᠲᠤ ᠦᠨᠳᠦᠰᠦᠲᠡᠨ᠎ᠤ ᠣᠷᠣᠨ ᠪᠣᠯᠬᠤ ᠥᠪᠡᠷᠮᠢᠴᠡ ᠣᠨᠴᠠᠯᠢᠭ᠎ᠲᠠᠢ ᠤᠶᠠᠯᠳᠤᠭᠤᠯᠵᠤ᠂ ᠮᠣᠩᠭᠣᠯ ᠬᠡᠯᠡᠨ᠎ᠤ ᠤᠬᠠᠭᠤᠯᠭ᠎ᠠ ᠵᠢᠨ ᠦᠢ᠍ᠯᠡᠴᠢᠯᠡᠭᠡ ᠵᠢ ᠢᠳᠡᠪᠬᠢᠲᠡᠢ ᠥᠷᠨᠢᠭᠦᠯᠵᠡᠢ᠃