ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠭ᠋ᠠᠷ ᠮᠠᠨᠳᠠᠯ ᠪᠠ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠠᠯᠪᠠᠨ ᠭᠡᠷ᠎ᠠᠴᠠ ᠪᠤᠭᠤᠲᠤ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2019-03-11

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠯᠥᠪᠯᠡᠭᠡ ᠵᠢ ᠬᠡᠷᠡᠭᠵᠢᠭᠦᠯᠬᠦ ᠲᠥᠰᠥᠯ》᠎ᠢ ᠠᠬᠢᠭᠤᠯᠤᠨ᠂ 2019 ᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠰᠠᠢ᠌ᠲᠤᠷ ᠬᠢᠬᠦ ᠵᠢᠨ ᠲᠤᠰᠠᠳᠠ᠂ 3 ᠳ᠋ᠤᠭ᠋ᠠᠷ ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠭ᠋ᠠᠷ ᠮᠠᠨᠳᠠᠯ ᠪᠠ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠠᠯᠪᠠᠨ ᠭᠡᠷ᠎ᠠᠴᠠ ᠪᠤᠭᠤᠲᠤ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠵᠠᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠭ᠋ᠠᠷ ᠮᠠᠨᠳᠠᠯ ᠪᠠ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠠᠯᠪᠠᠨ ᠭᠡᠷ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠵᠠᠩ ᠱᠦ᠍ ᠯᠢ ᠶᠠᠷᠢᠶ᠎ᠠ ᠲᠠᠯᠪᠢᠵᠤ᠂ ᠪᠤᠭᠤᠲᠤ ᠬᠣᠲᠠ ᠵᠢᠨ ᠳᠡᠳ᠋ ᠳᠠᠷᠤᠭ᠎ᠠ ᠸᠠᠩ ᠰᠢᠦ ᠯᠢᠶᠠᠨ ᠪᠤᠭᠤᠲᠤ ᠬᠣᠲᠠ ᠵᠢᠨ 2018 ᠣᠨ᠎ᠤ ᠠᠭ᠋ᠠᠷ ᠮᠠᠨᠳᠠᠯ᠎ᠤᠨ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ ᠵᠢᠴᠢ ᠭᠣᠣᠯᠳᠠᠯᠭ᠎ᠠ᠎ᠲᠠᠢ ᠡᠭᠦᠷᠭᠡ ᠵᠢ ᠪᠡᠶᠡᠯᠡᠭᠦᠯᠦᠭᠰᠡᠨ ᠪᠠᠢ᠌ᠳᠠᠯ᠂ 2019 ᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠲᠥᠯᠥᠪᠯᠡᠭᠡ ᠵᠢᠴᠢ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ ᠪᠠ ᠳᠠᠷᠠᠭ᠋ᠠᠴᠢ ᠵᠢᠨ ᠠᠯᠬᠤᠮ᠎ᠤᠨ ᠠᠷᠭ᠎ᠠ ᠬᠡᠮᠵᠢᠶ᠎ᠡ᠎ᠳᠤ ᠲᠠᠨᠢᠯᠴᠠᠭᠤᠯᠭ᠎ᠠ ᠬᠢᠭᠰᠡᠨ᠎ᠤ ᠬᠠᠮᠲᠤ ᠣᠪᠣᠷ ᠵᠶ᠋ᠠᠨ ᠢᠯᠡᠳᠬᠡᠬᠦ ᠦᠭᠡ ᠶᠠᠷᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠵᠠᠩ ᠭᠠᠩ ᠬᠤᠷᠠᠯ᠎ᠢ ᠡᠷᠬᠢᠯᠡᠵᠡᠢ᠃
      ᠵᠠᠩ ᠱᠦ᠍ ᠯᠢ ᠱᠠᠭ᠋ᠠᠷᠳᠠᠬᠤ᠎ᠳᠤ᠎ᠪᠠᠨ᠂ ᠳᠠᠷᠠᠭ᠋ᠠᠴᠢ ᠵᠢᠨ ᠠᠯᠬᠤᠮ᠎ᠤᠨ ᠠᠵᠢᠯ᠎ᠳᠤ᠂ ᠪᠤᠭᠤᠲᠤ ᠬᠣᠲᠠ ᠵᠢᠨ᠎ᠬᠢᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ᠎ᠪᠠᠨ ᠨᠠᠷᠢᠯᠢᠭᠵᠢᠭᠤᠯᠵᠤ᠂ ᠪᠣᠬᠢᠷᠲᠤᠯ ᠶᠡᠬᠡᠲᠡᠢ ᠲᠦᠯᠡᠰᠢ ᠰᠢᠲᠠᠭ᠋ᠠᠬᠤ ᠵᠢ ᠴᠠᠭ᠋ᠠᠵᠠᠯᠠᠬᠤ ᠣᠷᠣᠨ᠎ᠤ ᠪᠠᠢ᠌ᠭᠤᠯᠤᠯᠲᠠ ᠵᠢ ᠴᠢᠩᠭ᠋ᠠᠳᠬᠠᠨ᠂ ᠲᠣᠭᠣᠰᠣ ᠲᠣᠷᠳᠣᠭ᠎ᠲᠤ ᠵᠠᠰᠠᠯᠲᠠ ᠬᠢᠬᠦ ᠵᠢ ᠴᠢᠩᠭ᠋ᠠᠳᠬᠠᠬᠤ ᠵᠡᠷᠭᠡ ᠡᠯ᠎ᠡ ᠵᠦᠢ᠍ᠯ᠎ᠤᠨ ᠡᠭᠦᠷᠭᠡ ᠵᠢ ᠴᠠᠭ ᠲᠤᠬᠠᠢ᠎ᠳᠤ᠎ᠨᠢ ᠪᠡᠶᠡᠯᠡᠭᠦᠯᠵᠦ᠂ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠬᠦ ᠠᠵᠢᠯ᠎ᠢ ᠴᠢᠩᠭ᠋ᠠᠷᠠᠭᠤᠯᠬᠤ ᠬᠡᠷᠡᠭᠲᠡᠢ ᠭᠡᠵᠡᠢ᠃
      ᠬᠤᠷᠠᠯ ᠳᠡᠭᠡᠷ᠎ᠡ᠂ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ ᠰᠣᠯᠢᠯᠴᠠᠬᠤ ᠦᠭᠡ ᠶᠠᠷᠢᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠤᠬᠠᠭᠤᠯᠭ᠎ᠠ ᠵᠢᠨ ᠦᠷ᠎ᠡ ᠪᠦᠲᠦᠮᠵᠢ᠎ᠪᠠᠨ ᠴᠢᠬᠤᠯᠠᠴᠢᠯᠠᠨ ᠳᠡᠭᠡᠭᠰᠢᠯᠡᠭᠦᠯᠵᠦ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ ᠵᠢ ᠲᠠᠰᠤᠷᠠᠯᠲᠠ ᠦᠭᠡᠢ ᠢᠯᠡᠷᠡᠭᠦᠯᠵᠦ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠠᠴᠠ ᠣᠷᠴᠢᠨ ᠲᠣᠭᠣᠷᠢᠨ᠎ᠢ ᠬᠠᠮᠠᠭ᠋ᠠᠯᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠢ᠌ᠴᠢᠯᠠᠨ ᠪᠠᠢ᠌ᠷᠢᠯᠠᠭᠤᠯᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠤᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠳᠤ ᠠᠩᠬᠠᠷᠤᠭᠤᠯᠤᠨ ᠲᠥᠪᠯᠡᠷᠡᠭᠦᠯᠵᠦ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ᠎ᠳᠤ ᠬᠦᠴᠦᠨ ᠵᠶ᠋ᠡᠨ ᠲᠥᠪᠯᠡᠷᠡᠭᠦᠯᠪᠡ
ᠬᠥᠬᠡᠬᠣᠲᠠ᠎ᠠᠴᠠ ᠲᠣᠰᠣ ᠨᠡᠮᠡᠬᠦ ᠥᠷᠲᠡᠭᠡ᠂ ᠲᠣᠰᠣ ᠬᠠᠳᠠᠭ᠋ᠠᠯᠠᠬᠤ ᠬᠥᠮᠥᠷᠭᠡ ᠪᠠ ᠵᠠᠮ᠎ᠤᠨ ᠪᠤᠰᠤ ᠮᠧᠬᠠᠨᠢᠭ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠮᠦᠸᠧ ᠰᠢᠶᠣᠣ ᠯᠢᠶᠠᠨ ᠬᠢᠭᠡᠳ ᠬᠠᠮᠲᠤ ᠶᠠᠪᠤᠭᠰᠠᠳ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ᠎ᠳᠤ ᠬᠦᠷᠴᠦ ᠵᠢᠯᠣᠭᠣᠳᠤᠯᠭ᠎ᠠ ᠬᠢᠵᠦ ᠪᠠᠢ᠌ᠴᠠᠭ᠋ᠠᠨ ᠰᠤᠳᠤᠯᠪᠠ
 
             蒙ICP备05000248号