ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ᠎ᠠᠴᠠ ᠪᠦᠬᠦ ᠤᠯᠤᠰ᠎ᠤᠨ 《ᠬᠣᠶᠠᠷ ᠬᠤᠷᠠᠯ》᠎ᠤᠨ ᠬᠤᠭᠤᠴᠠᠭ᠋ᠠᠨ᠎ᠳᠠᠬᠢ ᠴᠥᠮ᠎ᠡ ᠵᠢᠨ ᠠᠮᠤᠷ ᠲᠦᠪᠰᠢᠨ᠎ᠤ ᠰᠡᠷᠡᠮᠵᠢᠯᠡᠭᠦᠯᠬᠦ ᠴᠡᠭ ᠵᠡᠷᠭᠡ ᠭᠣᠣᠯᠳᠠᠯᠭ᠎ᠠ᠎ᠲᠠᠢ ᠣᠷᠣᠨ ᠬᠡᠪᠴᠢᠶᠡᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠤᠰᠬᠠᠢ ᠵᠦᠢ᠍ᠯ᠎ᠤᠨ ᠰᠣᠷᠢᠯᠲᠠ ᠵᠢ ᠵᠣᠬᠢᠶᠠᠨ ᠪᠠᠢ᠌ᠭᠤᠯᠤᠨ ᠭᠦᠢ᠍ᠴᠡᠳᠬᠡᠪᠡ
ᠨᠡᠶ᠋ᠢᠲᠡᠯᠡᠭᠰᠡᠨ ᠴᠠᠭ᠄ 2019-03-21

      ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠬᠦᠨᠳᠦ ᠶᠡᠬᠡ ᠲᠦᠭᠰᠢᠭᠦᠷᠢ ᠵᠢ ᠰᠡᠷᠭᠡᠢ᠌ᠯᠡᠨ ᠨᠠᠮᠳᠠᠭ᠋ᠠᠬᠤ᠎ᠪᠠᠷ ᠬᠦᠴᠦᠯᠡᠵᠦ᠂ ᠪᠦᠬᠦ ᠤᠯᠤᠰ᠎ᠤᠨ 《ᠬᠣᠶᠠᠷ ᠬᠤᠷᠠᠯ》᠎ᠤᠨ ᠬᠤᠭᠤᠴᠠᠭ᠋ᠠᠨ᠎ᠳᠠᠬᠢ ᠮᠠᠨ᠎ᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ᠎ᠠᠴᠠ 3 ᠳ᠋ᠤᠭ᠋ᠠᠷ ᠰᠠᠷ᠎ᠠ ᠵᠢᠨ 7᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠠᠩᠭᠢ᠂ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠥᠷᠲᠡᠭᠡᠨ᠎ᠤ ᠲᠦᠩᠯᠢᠶᠣᠣ᠎ᠳᠠᠬᠢ ᠬᠣᠰᠢᠭᠤᠴᠢ ᠥᠷᠲᠡᠭᠡ ᠵᠢ ᠵᠣᠬᠢᠶᠠᠨ ᠪᠠᠢ᠌ᠭᠤᠯᠵᠤ᠂ ᠬᠥᠬᠡᠬᠣᠲᠠ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠪ ᠥᠷᠲᠡᠭᠡ᠂ ᠤᠯᠠᠭ᠋ᠠᠨᠬᠠᠳᠠ ᠬᠣᠲᠠ ᠵᠢᠨ ᠴᠥᠮ᠎ᠡ ᠬᠢᠭᠡᠳ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠥᠷᠲᠡᠭᠡ᠂ ᠣᠷᠳᠣᠰ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠡᠮᠵᠢᠬᠦ ᠲᠥᠪ ᠥᠷᠲᠡᠭᠡ ᠪᠠ ᠲᠦᠩᠯᠢᠶᠣᠣ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠡᠮᠵᠢᠬᠦ ᠥᠷᠲᠡᠭᠡ ᠵᠢ ᠬᠣᠯᠪᠣᠭ᠋ᠠᠯᠠᠨ ᠦᠢ᠍ᠯᠡᠳᠦᠯᠴᠡᠭᠦᠯᠵᠦ᠂ 《ᠬᠣᠶᠠᠷ ᠬᠤᠷᠠᠯ》᠎ᠤᠨ ᠬᠤᠭᠤᠴᠠᠭ᠋ᠠᠨ᠎ᠳᠠᠬᠢ ᠪᠦᠬᠦ ᠣᠷᠣᠨ᠎ᠤ ᠴᠥᠮ᠎ᠡ ᠵᠢᠨ ᠠᠮᠤᠷ ᠲᠦᠪᠰᠢᠨ᠎ᠤ ᠰᠡᠷᠡᠮᠵᠢᠯᠡᠭᠦᠯᠬᠦ ᠴᠡᠭ ᠵᠡᠷᠭᠡ ᠭᠣᠣᠯᠳᠠᠯᠭ᠎ᠠ᠎ᠲᠠᠢ ᠣᠷᠣᠨ ᠬᠡᠪᠴᠢᠶᠡᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠤᠰᠬᠠᠢ ᠵᠦᠢ᠍ᠯ᠎ᠤᠨ ᠰᠣᠷᠢᠯᠲᠠ ᠵᠢ ᠠᠮᠵᠢᠯᠲᠠ᠎ᠲᠠᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠮᠦᠸᠧ ᠰᠢᠶᠣᠤ ᠯᠢᠶᠠᠨ ᠪᠠ ᠬᠥᠷᠥᠰᠥ ᠰᠢᠷᠣᠢ ᠵᠢᠨ ᠣᠷᠴᠢᠨ ᠲᠣᠭᠣᠷᠢᠨ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠭᠠᠵᠠᠷ᠎ᠤᠨ ᠳᠡᠳ᠋ ᠳᠠᠷᠤᠭ᠎ᠠ ᠯᠢᠦ ᠰᠢᠶᠤᠤ ᠪᠦᠸᠧ ᠲᠤᠰ ᠤᠳᠠᠭ᠋ᠠᠨ᠎ᠤ ᠰᠣᠷᠢᠯᠲᠠ ᠵᠢᠨ ᠲᠤᠬᠠᠢ ᠵᠢᠨ ᠲᠠᠯᠠᠪᠤᠷ᠎ᠲᠤ ᠵᠢᠯᠣᠭᠣᠳᠤᠯᠭ᠎ᠠ ᠬᠢᠵᠦ ᠲᠣᠭᠣᠷᠢᠨ ᠦᠵᠡᠪᠡ᠃ ᠮᠦᠸᠧ ᠰᠢᠶᠣᠤ ᠯᠢᠶᠠᠨ ᠱᠠᠭ᠋ᠠᠷᠳᠠᠬᠤ᠎ᠳᠤ᠎ᠪᠠᠨ᠂ ᠪᠦᠬᠦ ᠣᠷᠣᠨ᠎ᠤ ᠰᠠᠴᠤᠷᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠩᠭᠢ ᠵᠢᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠦᠷᠭᠦᠯᠵᠢᠯᠡᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠲᠠᠰᠤᠷᠠᠯᠲᠠ ᠦᠭᠡᠢ ᠴᠢᠩᠭ᠋ᠠᠷᠠᠭᠤᠯᠵᠤ᠂ 《ᠴᠢᠩᠭ᠎ᠠ ᠬᠢᠨᠠᠭᠤᠷ ᠨᠠᠷᠢᠯᠢᠭ ᠪᠣᠳᠠᠲᠠᠢ》 ᠠᠵᠢᠯ᠎ᠤᠨ ᠪᠠᠷᠢᠮᠵᠢᠶ᠎ᠠ᠎ᠪᠠᠷ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ᠎ᠢ ᠰᠠᠢ᠌ᠲᠤᠷ ᠬᠢᠵᠦ᠂ ᠤᠷᠢᠶᠠᠯᠠᠨ ᠳᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠂ ᠰᠠᠴᠤᠷᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠩᠨᠡᠭᠡ ᠵᠢ ᠲᠡᠮᠦᠷ ᠴᠡᠷᠢᠭ᠎ᠤᠨ ᠳᠣᠲᠣᠷᠠᠬᠢ ᠬᠣᠰᠢᠭᠤᠴᠢ ᠴᠡᠷᠢᠭ ᠪᠣᠯᠭ᠋ᠠᠨ ᠪᠠᠢ᠌ᠭᠤᠯᠵᠤ᠂ ᠰᠠᠴᠤᠷᠠᠭ᠎ᠤᠨ ᠣᠷᠴᠢᠨ ᠲᠣᠭᠣᠷᠢᠨ᠎ᠤ ᠠᠮᠤᠷ ᠲᠦᠪᠰᠢᠨ ᠬᠠᠯᠬᠠᠪᠴᠢ ᠵᠢ ᠪᠦᠬᠦ ᠬᠦᠴᠦᠨ ᠵᠶ᠋ᠡᠷ ᠴᠣᠭᠴᠠᠯᠠᠬᠤ ᠬᠡᠷᠡᠭᠲᠡᠢ ᠭᠡᠵᠡᠢ᠃
      ᠰᠣᠷᠢᠯᠲᠠ ᠵᠢᠨ ᠶᠠᠪᠤᠴᠠ᠎ᠳᠤ᠂ ᠵᠢᠯᠣᠭᠣᠳᠤᠯᠭ᠎ᠠ ᠵᠢᠨ ᠲᠥᠪ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠢᠨᠠᠨ ᠬᠡᠮᠵᠢᠬᠦ ᠵᠢ ᠲᠣᠬᠢᠷᠠᠭᠤᠯᠬᠤ ᠲᠠᠪᠴᠠᠩ᠎ᠢ ᠠᠵᠢᠯᠯᠠᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠢᠨᠠᠨ ᠬᠡᠮᠵᠢᠬᠦ 6 ᠰᠠᠯᠠᠭ᠎ᠠ ᠡᠩᠨᠡᠭᠡ ᠵᠢ ᠵᠢᠯᠣᠭᠣᠳᠤᠨ ᠲᠣᠬᠢᠷᠠᠭᠤᠯᠵᠤ ᠪᠠᠢ᠌ᠭ᠋ᠠᠳ ᠲᠦᠷᠭᠡᠨ ᠲᠤᠰᠬᠠᠯ ᠭᠠᠷᠭ᠋ᠠᠬᠤ ᠰᠢᠰᠲ᠋ᠧᠮ ᠪᠠ ᠲᠡᠷᠭᠡᠨ᠎ᠳᠤ ᠠᠴᠢᠭᠰᠠᠨ ᠰᠦᠯᠵᠢᠶ᠎ᠡ᠎ᠪᠠᠷ ᠵᠥᠪᠳᠡᠯᠴᠡᠬᠦ ᠰᠢᠰᠲ᠋ᠧᠮ᠎ᠢ ᠬᠡᠷᠡᠭᠯᠡᠨ᠂ ᠳᠤᠮᠳᠠᠳᠤ ᠤᠯᠤᠰ᠎ᠤᠨ ᠴᠥᠮ᠎ᠡ ᠵᠢᠨ ᠡᠨᠧᠷᠭᠢ ᠵᠢᠨ ᠤᠮᠠᠷᠠᠲᠤ ᠣᠷᠣᠨ᠎ᠤ ᠴᠥᠮ᠎ᠡ ᠵᠢᠨ ᠲᠦᠯᠡᠰᠢ ᠵᠢᠨ ᠲᠣᠨᠣᠭ᠎ᠤᠨ ᠬᠢᠵᠠᠭ᠋ᠠᠷᠲᠤ ᠺᠣᠮᠫᠠᠨᠢ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ ᠭᠠᠵᠠᠷ ᠣᠷᠣᠨ᠂ ᠥᠪᠥᠷ ᠮᠣᠩᠭᠣᠯ᠎ᠤᠨ ᠪᠤᠭᠤᠲᠤ ᠵᠢᠨ ᠰᠠᠴᠤᠷᠠᠮᠠᠬᠠᠢ ᠴᠢᠨᠠᠷᠲᠠᠢ ᠬᠠᠶᠠᠭᠳᠠᠮᠠᠯ ᠪᠣᠳᠠᠰ᠎ᠤᠨ ᠬᠥᠮᠥᠷᠭᠡ᠂ ᠤᠯᠠᠭ᠋ᠠᠨᠬᠠᠳᠠ ᠬᠣᠲᠠ ᠵᠢᠨ ᠬᠦᠷᠢᠨ᠎ᠤ ᠭᠡᠷᠡᠯ᠎ᠤᠨ ᠰᠠᠴᠤᠷᠠᠭ᠎ᠤᠨ ᠲᠤᠰᠤᠯᠲᠠ ᠵᠢᠨ ᠬᠢᠵᠠᠭ᠋ᠠᠷᠲᠤ ᠺᠣᠮᠫᠠᠨᠢ᠂ ᠲᠦᠩᠯᠢᠶᠣᠣ ᠵᠢᠨ ᠦᠷᠡᠨ᠎ᠤ ᠠᠭᠤᠷᠬᠠᠢ ᠪᠠ ᠬᠠᠮᠢᠶ᠎ᠠ ᠪᠦᠬᠦᠢ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠯᠪᠠᠯᠠᠬᠤ ᠭᠠᠵᠠᠷ ᠵᠢᠴᠢ ᠣᠯᠠᠨ ᠲᠦᠮᠡᠨ᠎ᠤ ᠠᠵᠢᠯᠯᠠᠭ᠎ᠠ ᠵᠢᠨ ᠲᠠᠯᠠᠪᠤᠷ ᠵᠡᠷᠭᠡ 12 ᠭᠣᠣᠯᠳᠠᠯᠭ᠎ᠠ᠎ᠲᠠᠢ ᠣᠷᠣᠨ ᠬᠡᠪᠴᠢᠶᠡᠨ᠎ᠳᠤ ᠰᠠᠴᠤᠷᠠᠭ᠎ᠤᠨ ᠣᠷᠴᠢᠨ ᠲᠣᠭᠣᠷᠢᠨ᠎ᠤ ᠲᠣᠭᠣᠷᠢᠨ ᠬᠡᠮᠵᠢᠯᠲᠡ ᠬᠢᠭᠡᠳ ᠲᠤᠬᠠᠢ ᠵᠢᠨ ᠲᠠᠯᠠᠪᠤᠷ᠎ᠲᠤ ᠲᠦᠷᠭᠡᠨ ᠵᠶ᠋ᠡᠷ ᠬᠢᠨᠠᠨ ᠬᠡᠮᠵᠢᠯᠲᠡ ᠬᠢᠪᠡ᠃ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠢᠯᠡᠷᠡᠭᠦᠯᠦᠭᠰᠡᠨ᠎ᠨᠢ᠂ ᠡᠯ᠎ᠡ ᠭᠣᠣᠯᠳᠠᠯᠭ᠎ᠠ᠎ᠲᠠᠢ ᠣᠷᠣᠨ ᠬᠡᠪᠴᠢᠶᠡᠨ᠎ᠤ ᠰᠠᠴᠤᠷᠠᠮᠠᠬᠠᠢ ᠴᠢᠨᠠᠷ᠎ᠤᠨ ᠬᠢᠷᠢ ᠲᠦᠪᠰᠢᠨ᠎ᠳᠤ ᠬᠡᠪ᠎ᠤᠨ ᠪᠤᠰᠤ ᠪᠠᠢ᠌ᠳᠠᠯ ᠦᠭᠡᠢ᠃
      ᠰᠣᠷᠢᠯᠲᠠ᠎ᠨᠢ ᠡᠩᠨᠡᠭᠡ᠎ᠪᠠᠨ ᠲᠥᠪᠯᠡᠷᠡᠭᠦᠯᠬᠦ᠂ ᠵᠠᠷᠯᠢᠭ ᠪᠠᠭᠤᠯᠭ᠋ᠠᠬᠤ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠢᠨᠠᠨ ᠬᠡᠮᠵᠢᠬᠦ ᠵᠢ ᠲᠣᠬᠢᠷᠠᠭᠤᠯᠬᠤ ᠲᠠᠪᠴᠠᠩ᠎ᠤᠨ ᠬᠡᠷᠡᠭ᠎ᠢ ᠲᠥᠰᠥᠭᠡᠯᠡᠨ ᠵᠣᠬᠢᠶᠠᠬᠤ᠂ ᠬᠢᠨᠠᠨ ᠬᠡᠮᠵᠢᠬᠦ ᠲᠥᠰᠥᠯ᠎ᠢ ᠲᠣᠭᠲᠠᠭ᠋ᠠᠬᠤ᠂ ᠬᠢᠨᠠᠨ ᠬᠡᠮᠵᠢᠬᠦ ᠵᠠᠷᠯᠢᠭ᠎ᠢ ᠪᠠᠭᠤᠯᠭ᠋ᠠᠬᠤ᠂ ᠲᠣᠭᠣᠷᠢᠨ ᠪᠠᠢ᠌ᠴᠠᠭ᠋ᠠᠬᠤ ᠵᠢᠴᠢ ᠲᠤᠬᠠᠢ ᠵᠢᠨ ᠲᠠᠯᠠᠪᠤᠷ᠎ᠲᠤ ᠬᠢᠨᠠᠨ ᠪᠠᠢ᠌ᠴᠠᠭ᠋ᠠᠬᠤ᠂ ᠲᠣᠭ᠎ᠠ ᠪᠠᠷᠢᠮᠲᠠ ᠵᠢ ᠬᠤᠷᠢᠶᠠᠩᠭᠤᠢ᠌ᠯᠠᠨ ᠵᠠᠳᠠᠯᠤᠯᠲᠠ ᠬᠢᠬᠦ᠎ᠠᠴᠠ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠢᠨᠠᠨ ᠬᠡᠮᠵᠢᠬᠦ ᠬᠦᠷᠲᠡᠯ᠎ᠡ᠂ ᠡᠯ᠎ᠡ ᠭᠣᠭᠴᠣᠭ᠎ᠠ ᠵᠢ ᠴᠢᠩᠭ᠎ᠠ ᠵᠣᠯᠭ᠋ᠠᠯᠳᠤᠭᠤᠯᠤᠨ᠂ ᠰᠣᠷᠢᠯᠲᠠ᠎ᠳᠤ ᠣᠷᠣᠯᠴᠠᠭᠰᠠᠨ ᠡᠩᠨᠡᠭᠡ ᠵᠢ ᠨᠢᠭᠲᠠ ᠬᠠᠮᠵᠢᠯᠴᠠᠭᠤᠯᠵᠤ᠂ ᠡᠭᠦᠷᠭᠡ ᠬᠠᠷᠢᠭᠤᠴᠠᠯᠭ᠎ᠠ ᠶᠣᠰᠣᠭ᠋ᠠᠷ ᠠᠵᠢᠯ ᠵᠶ᠋ᠠᠨ ᠬᠤᠪᠢᠶᠠᠷᠢᠯᠠᠨ ᠲᠦᠷᠭᠡᠨ ᠲᠤᠰᠬᠠᠯ ᠭᠠᠷᠭ᠋ᠠᠵᠤ᠂ ᠲᠦᠷᠭᠡᠨ ᠪᠥᠭᠡᠳ ᠡᠮᠬᠢ ᠵᠢᠷᠤᠮ᠎ᠲᠠᠢ᠎ᠪᠠᠷ ᠬᠢᠨᠠᠨ ᠬᠡᠮᠵᠢᠬᠦ ᠡᠭᠦᠷᠭᠡ ᠵᠢ ᠪᠡᠶᠡᠯᠡᠭᠦᠯᠪᠡ᠃ ᠰᠣᠷᠢᠯᠲᠠ᠎ᠳᠤ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠢᠨᠠᠨ ᠬᠡᠮᠵᠢᠬᠦ ᠵᠢ ᠲᠣᠬᠢᠷᠠᠭᠤᠯᠬᠤ ᠲᠠᠪᠴᠠᠩ᠎ᠢ ᠰᠢᠯᠭ᠋ᠠᠨ ᠪᠠᠢ᠌ᠴᠠᠭ᠋ᠠᠵᠤ᠂ ᠰᠠᠴᠤᠷᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠩᠨᠡᠭᠡ ᠵᠢᠨ ᠬᠣᠯᠪᠣᠭ᠋ᠠᠯᠠᠨ ᠬᠥᠳᠡᠯᠦᠯᠴᠡᠵᠦ ᠤᠷᠢᠶᠠᠯᠠᠨ ᠳᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠂ ᠰᠣᠷᠢᠯᠲᠠ ᠵᠢᠨ ᠵᠢᠱ᠌ᠢᠭᠰᠡᠨ ᠦᠷ᠎ᠡ ᠪᠦᠲᠦᠮᠵᠢ ᠵᠢ ᠣᠯᠵᠤ᠂ ᠰᠠᠴᠤᠷᠠᠭ᠎ᠤᠨ ᠣᠷᠴᠢᠨ ᠲᠣᠭᠣᠷᠢᠨ᠎ᠤ ᠭᠡᠨᠡᠳᠲᠡ ᠵᠢᠨ   ᠬᠡᠷᠡᠭ᠎ᠢ   ᠪᠦᠲᠦᠮᠵᠢᠲᠡᠢ   ᠠᠷᠭ᠋ᠠᠴᠠᠭ᠋ᠠᠬᠤ᠎ᠳᠤ ᠨᠠᠨᠳᠢᠨ ᠲᠤᠷᠰᠢᠯᠭ᠎ᠠ ᠬᠠᠩᠭ᠋ᠠᠵᠠᠢ᠃
      ᠲᠤᠰ ᠤᠳᠠᠭ᠋ᠠᠨ᠎ᠤ ᠰᠣᠷᠢᠯᠲᠠ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠳᠤᠷᠠᠳᠤᠭᠰᠠᠨ 《ᠣᠶᠣᠨᠯᠢᠭ᠂ ᠵᠣᠬᠢᠴᠠᠩᠭᠤᠢ᠂ ᠬᠠᠮᠲᠤ᠎ᠪᠠᠷ ᠳᠠᠪᠰᠢᠬᠤ》 ᠳᠤᠮᠳᠠᠳᠤ ᠤᠯᠤᠰ᠎ᠤᠨ ᠴᠥᠮ᠎ᠡ ᠵᠢᠨ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠠᠷᠤᠭ᠎ᠠ ᠯᠢ ᠭᠠᠨ ᠵᠢᠶᠧ ᠵᠢᠨ ᠳᠤᠷᠠᠳᠤᠭᠰᠠᠨ 《ᠬᠡᠷᠡᠭ ᠤᠴᠢᠷ᠎ᠢ ᠤᠷᠢᠳᠴᠢᠯᠠᠨ ᠲᠥᠰᠥᠭᠡᠯᠡᠵᠦ ᠪᠡᠯᠡᠳᠬᠡᠬᠦ᠂ ᠬᠡᠷᠡᠭ ᠤᠴᠢᠷ᠎ᠢ ᠭᠦᠢ᠍ᠴᠡᠳ ᠵᠢᠱ᠌ᠢᠵᠦ ᠪᠡᠯᠡᠳᠬᠡᠬᠦ᠂ ᠬᠡᠷᠡᠭ ᠤᠴᠢᠷ᠎ᠢ ᠴᠢᠬᠤᠯᠠᠴᠢᠯᠠᠨ ᠵᠢᠱ᠌ᠢᠵᠦ ᠪᠡᠯᠡᠳᠬᠡᠬᠦ》 ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠱᠠᠭ᠋ᠠᠷᠳᠠᠯᠭ᠎ᠠ ᠵᠢ ᠦᠢ᠍ᠯᠡᠳᠦᠯᠭᠡᠵᠢᠭᠦᠯᠵᠦ᠂ ᠰᠠᠴᠤᠷᠠᠭ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢ ᠡᠷᠲᠡ ᠮᠠᠭ᠋ᠠᠳᠯᠠᠨ ᠤᠷᠢᠳ ᠵᠶ᠋ᠠᠷ ᠮᠡᠳᠡᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠤᠷᠴᠠ ᠰᠡᠷᠭᠡᠭ ᠰᠡᠳᠬᠢᠬᠦᠢ ᠵᠢ ᠪᠠᠲᠤᠯᠠᠵᠤ ᠪᠠᠢ᠌ᠬᠤ ᠵᠢ ᠢᠯᠡᠷᠡᠭᠦᠯᠦᠨ᠂ ᠤᠷᠢᠳᠴᠢᠯᠠᠨ ᠵᠢᠱ᠌ᠢᠨ᠂ ᠤᠷᠢᠳᠴᠢᠯᠠᠨ ᠪᠡᠯᠡᠳᠬᠡᠵᠦ᠂ ᠪᠡᠬᠢᠯᠡᠯᠲᠡ᠎ᠪᠠᠨ ᠴᠢᠩᠳᠠᠯᠠᠨ ᠰᠠᠢ᠌ᠲᠤᠷ ᠪᠡᠯᠡᠳᠬᠡᠵᠦ᠂ ᠢᠮᠠᠭᠲᠠ ᠪᠡᠯᠡᠳᠬᠡᠯ᠎ᠲᠠᠢ ᠪᠠᠢ᠌ᠬᠤ ᠵᠢ ᠭᠦᠢ᠍ᠴᠡᠳᠬᠡᠵᠦ᠂ ᠰᠠᠴᠤᠷᠠᠭ᠎ᠤᠨ ᠠᠮᠤᠷ ᠲᠦᠪᠰᠢᠨ᠎ᠤ ᠬᠠᠮᠤᠭ᠎ᠤᠨ ᠰᠡᠭᠦᠯᠴᠢ ᠵᠢᠨ ᠨᠢᠭᠡ ᠳᠠᠪᠬᠤᠷ ᠰᠡᠷᠭᠡᠢ᠌ᠯᠡᠯᠲᠡ ᠵᠢᠨ ᠱᠤᠭᠤᠮ᠎ᠢ ᠪᠦᠬᠦ ᠬᠦᠴᠦᠨ ᠵᠶ᠋ᠡᠷ ᠴᠣᠭᠴᠠᠯᠠᠨ ᠪᠠᠢ᠌ᠭᠤᠯᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠲᠣᠮᠣ ᠳ᠋ᠠᠢ᠌ᠲ᠋ᠠ ᠵᠢᠨ ᠬᠣᠶᠠᠳᠤᠭ᠋ᠠᠷ ᠬᠤᠭᠤᠴᠠᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢ ᠬᠢᠨᠠᠨ ᠲᠣᠭᠲᠠᠭ᠋ᠠᠬᠤ ᠬᠤᠷᠠᠯ᠎ᠢ ᠬᠤᠷᠠᠯᠳᠤᠭᠤᠯᠪᠠ
ᠠᠯᠠᠱ᠌ᠠ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ 《ᠪᠤᠴᠠᠵᠤ ᠪᠠᠢ᠌ᠴᠠᠭ᠋ᠠᠨ ᠦᠵᠡᠬᠦ》 ᠵᠢᠴᠢ ᠨᠤᠲᠤᠭ ᠪᠡᠯᠴᠢᠭᠡᠷ᠎ᠤᠨ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠵᠢᠨ ᠬᠤᠭᠤᠴᠠᠭ᠋ᠠᠨ᠎ᠳᠠᠬᠢ ᠣᠯᠠᠨ ᠲᠦᠮᠡᠨ᠎ᠤ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠨᠠᠢ᠌ᠳᠠᠪᠤᠷᠢᠵᠢᠭᠤᠯᠬᠤ ᠠᠵᠢᠯ᠎ᠳᠤ ᠳᠠᠷᠠᠭ᠋ᠠᠬᠢ ᠰᠢᠮᠳᠠᠭᠤᠯᠤᠨ ᠪᠠᠢ᠌ᠴᠠᠭ᠋ᠠᠯᠲᠠ ᠥᠷᠨᠢᠭᠦᠯᠪᠡ
ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠤᠶᠠᠩᠭ᠎ᠠ ᠳᠠᠭᠤᠤ᠎ᠪᠠᠨ ᠡᠷᠭᠦᠵᠦ ᠨᠡᠢ᠌ᠲᠡ ᠵᠢᠨ ᠠᠰᠠᠷᠠᠮᠵᠢ ᠵᠢᠨ ᠦᠢ᠍ᠯᠡᠰ᠎ᠤᠨ ᠲᠤᠰᠠᠳᠠ ᠤᠷᠢᠶᠠᠯᠠᠨ ᠳᠠᠢ᠌ᠴᠢᠯᠠᠨ᠎ᠠ
《ᠤᠯᠠᠭ᠋ᠠᠨᠬᠠᠳᠠ ᠬᠣᠲᠠ ᠵᠢᠨ ᠳᠡᠭᠳᠡᠮᠡᠯ ᠲᠣᠭᠣᠰᠣ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ》᠎ᠨᠢ ᠬᠣᠲᠠ ᠵᠢᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠤᠨ ᠬᠢᠨᠠᠨ ᠵᠥᠪᠯᠡᠬᠦ᠎ᠳᠤ ᠵᠠᠷᠴᠢᠮ᠎ᠤᠨ ᠲᠠᠯ᠎ᠠ᠎ᠪᠠᠷ ᠪᠠᠲᠤᠯᠠᠭᠳᠠᠪᠠ
ᠠᠯᠠᠱ᠌ᠠ ᠠᠢ᠌ᠮᠠᠭ᠎ᠠᠴᠠ ᠪᠠᠳᠢ ᠵᠢᠨ ᠵᠢᠷᠠᠨ ᠪᠠᠯᠭ᠋ᠠᠰᠤ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠬᠤᠪᠢᠶᠠᠷᠢᠯᠠᠨ ᠲᠣᠭᠲᠠᠭ᠋ᠠᠬᠤ ᠠᠵᠢᠯ᠎ᠢ ᠲᠦᠷᠭᠡᠳᠬᠡᠨ ᠠᠬᠢᠭᠤᠯᠪᠠ
 
             蒙ICP备05000248号