3 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠲᠣᠮᠣ ᠳ᠋ᠠᠢ᠌ᠲ᠋ᠠ ᠵᠢᠨ ᠬᠣᠶᠠᠳᠤᠭ᠋ᠠᠷ ᠬᠤᠭᠤᠴᠠᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠰᠤᠳᠤᠯᠤᠯᠲᠠ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ ᠵᠢᠨ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠳ ᠬᠤᠷᠠᠯ᠎ᠳᠤ ᠣᠷᠣᠯᠴᠠᠪᠠ᠃ ᠬᠤᠷᠠᠯ ᠳᠡᠭᠡᠷ᠎ᠡ᠂ ᠲᠤᠰᠬᠠᠢ ᠮᠡᠷᠭᠡᠵᠢᠯᠲᠡᠳ᠎ᠤᠨ ᠳᠤᠭᠤᠢ᠌ᠯᠠᠩ᠎ᠠᠴᠠ ᠲᠥᠷᠥᠯ ᠵᠦᠢ᠍ᠯ᠎ᠤᠨ ᠪᠦᠬᠦᠯᠢ ᠴᠣᠭᠴᠠ ᠵᠢᠨ ᠵᠢᠷᠤᠭ ᠲᠥᠯᠥᠪᠯᠡᠭᠡ ᠵᠢᠨ ᠬᠠᠷᠢᠭᠤ ᠮᠡᠳᠡᠭᠦᠯᠦᠯᠲᠡ ᠵᠢ ᠰᠣᠨᠣᠰᠤᠨ᠂ ᠲᠤᠯᠭ᠋ᠠᠨ ᠯᠠᠪᠯᠠᠵᠤ ᠰᠤᠳᠤᠯᠤᠨ ᠶᠠᠷᠢᠯᠴᠠᠬᠤ᠎ᠪᠠᠷ ᠳᠠᠮᠵᠢᠭᠤᠯᠵᠤ᠂ ᠲᠤᠰ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢᠨ ᠠᠭᠤᠯᠭ᠎ᠠ᠎ᠨᠢ ᠵᠦᠢ ᠵᠣᠬᠢᠰᠲᠠᠢ᠂ ᠪᠦᠬᠦ ᠲᠠᠯ᠎ᠠ ᠵᠢᠨ᠂ ᠬᠡᠷᠡᠭᠵᠢᠭᠦᠯᠬᠦᠢ᠌ᠴᠡ ᠴᠢᠨᠠᠷ ᠵᠶ᠋ᠠᠷ ᠴᠢᠩᠭ᠎ᠠ ᠪᠠᠢ᠌ᠵᠤ᠂ ᠰᠡᠭᠦᠯᠴᠢ ᠵᠢᠨ ᠬᠤᠭᠤᠴᠠᠭ᠋ᠠᠨ᠎ᠤ ᠬᠡᠷᠡᠭᠵᠢᠭᠦᠯᠬᠦ ᠱᠠᠭ᠋ᠠᠷᠳᠠᠯᠭ᠎ᠠ ᠵᠢ ᠬᠠᠩᠭ᠋ᠠᠵᠤ ᠴᠢᠳᠠᠨ᠎ᠠ ᠭᠡᠵᠦ ᠦᠵᠡᠵᠡᠭᠡᠨ᠂ ᠵᠢᠷᠤᠭ ᠲᠥᠯᠥᠪᠯᠡᠭᠡ ᠵᠢᠨ ᠲᠥᠰᠥᠯ᠎ᠤᠨ ᠬᠢᠨᠠᠨ ᠲᠣᠭᠲᠠᠭ᠋ᠠᠯᠲᠠ ᠵᠢ ᠥᠩᠭᠡᠷᠡᠭᠡᠬᠦ᠎ᠪᠠᠷ ᠨᠢᠭᠡᠳᠦᠯᠲᠡᠢ ᠵᠥᠪᠰᠢᠶᠡᠷᠡᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠢᠨᠠᠮᠠᠭ᠋ᠠᠢ ᠤᠬᠠᠭ᠋ᠠᠯᠠᠨ ᠲᠥᠯᠥᠪᠯᠡᠬᠦ ᠪᠠ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠣᠮᠣ ᠳ᠋ᠠᠢ᠌ᠲ᠋ᠠ ᠵᠢᠨ ᠪᠠᠢ᠌ᠭᠤᠯᠤᠯᠲᠠ ᠵᠢᠨ ᠠᠵᠢᠯ᠎ᠢ ᠢᠳᠡᠪᠬᠢᠲᠡᠢ ᠠᠬᠢᠭᠤᠯᠪᠠ᠃ ᠠᠮᠢ ᠠᠬᠤᠢ ᠵᠢᠨ ᠣᠷᠴᠢᠨ ᠲᠣᠭᠣᠷᠢᠨ᠎ᠤ ᠲᠣᠮᠣ ᠳ᠋ᠠᠢ᠌ᠲ᠋ᠠ ᠵᠢᠨ ᠬᠣᠶᠠᠳᠤᠭ᠋ᠠᠷ ᠬᠤᠭᠤᠴᠠᠭ᠋ᠠᠨ᠎ᠤ ᠲᠥᠷᠥᠯ ᠵᠦᠢ᠍ᠯ᠎ᠨᠢ ᠠᠭ᠋ᠠᠷ ᠮᠠᠨᠳᠠᠯ ᠪᠠ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ᠂ ᠬᠥᠬᠡ ᠣᠭᠲᠠᠷᠭᠤᠢ᠂ ᠨᠣᠮᠢᠨ ᠤᠰᠤ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠲᠠᠪᠴᠠᠩ᠎ᠢ ᠪᠠᠢ᠌ᠭᠤᠯᠤᠨ᠂ 《ᠭᠤᠷᠪᠠᠨ ᠨᠠᠭᠤᠷ》᠎ᠤᠨ ᠤᠰᠤᠨ᠎ᠤ ᠣᠷᠴᠢᠨ ᠲᠣᠭᠣᠷᠢᠨ᠎ᠤ ᠲᠣᠮᠣ ᠳ᠋ᠠᠢ᠌ᠲ᠋ᠠ ᠵᠢᠨ ᠵᠠᠳᠠᠯᠤᠯᠲᠠ ᠵᠢ ᠥᠷᠨᠢᠭᠦᠯᠵᠦ᠂ 《ᠵᠢᠷᠤᠭ ᠡᠯᠭᠦᠨ ᠪᠠᠢ᠌ᠯᠳᠤᠬᠤ》 ᠵᠢ ᠪᠦᠬᠦ ᠲᠠᠯ᠎ᠠ᠎ᠪᠠᠷ ᠪᠡᠶᠡᠯᠡᠭᠦᠯᠦᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠤᠨ ᠰᠢᠨ᠎ᠡ ᠳᠡᠭᠲᠡᠷ᠎ᠲᠤ ᠭᠠᠷᠭ᠋ᠠᠬᠤ᠎ᠳᠤ ᠬᠦᠴᠦᠨ ᠪᠦᠬᠦᠢ ᠲᠤᠯᠭ᠋ᠠᠭᠤᠷᠢᠯᠠᠯ ᠬᠠᠩᠭ᠋ᠠᠵᠠᠢ᠃