ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ᠎ᠨᠢ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠳᠤ ᠬᠠᠯᠠᠭᠤᠨ ᠲᠤᠰᠬᠠᠯ ᠭᠠᠷᠭ᠋ᠠᠪᠠ
ᠨᠡᠶ᠋ᠢᠲᠡᠯᠡᠭᠰᠡᠨ ᠴᠠᠭ᠄ 2019-03-07

     3 ᠳ᠋ᠤᠭ᠋ᠠᠷ ᠰᠠᠷ᠎ᠠ ᠵᠢᠨ 5᠎ᠤ ᠦᠳᠡ ᠵᠢᠨ ᠬᠣᠢ᠌ᠨ᠎ᠠ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ᠎ᠳᠤ ᠴᠢᠬᠤᠯᠠᠴᠢᠯᠠᠬᠤ᠎ᠳᠤ᠎ᠪᠠᠨ᠂ ᠥᠪᠥᠷ ᠮᠣᠩᠭᠣᠯ᠎ᠤᠨ ᠠᠮᠢ ᠠᠬᠤᠢ ᠵᠢᠨ ᠪᠠᠢ᠌ᠳᠠᠯ ᠶᠠᠮᠠᠷ ᠪᠠᠢ᠌ᠬᠤ᠎ᠨᠢ᠂ ᠪᠦᠬᠦ ᠣᠷᠣᠨ᠎ᠤ ᠡᠯ᠎ᠡ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠣᠷᠣᠰᠢᠨ ᠲᠣᠭᠲᠠᠨᠢᠯ ᠪᠠ ᠬᠥᠭᠵᠢᠯᠲᠡ᠎ᠳᠤ ᠬᠣᠯᠪᠣᠭᠳᠠᠬᠤ᠎ᠪᠠᠷ ᠪᠠᠷᠠᠬᠤ ᠦᠭᠡᠢ᠂ ᠤᠮᠠᠷᠠᠲᠤ ᠣᠷᠣᠨ᠂ ᠵᠡᠭᠦᠨ ᠬᠣᠢ᠌ᠲᠤ ᠣᠷᠣᠨ᠂ ᠪᠠᠷᠠᠭᠤᠨ ᠬᠣᠢ᠌ᠲᠤ ᠣᠷᠣᠨ ᠴᠢᠨᠠᠭᠰᠢᠯᠠᠭ᠋ᠠᠳ ᠪᠦᠬᠦ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠳᠤ ᠬᠣᠯᠪᠣᠭᠳᠠᠨ᠎ᠠ᠃ ᠶᠡᠷᠦᠩᠬᠡᠢ ᠱᠦᠵᠢ ᠵᠢᠨ ᠶᠠᠷᠢᠶ᠎ᠠ᠎ᠨᠢ᠂ ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠢ ᠤᠯᠤᠰ᠎ᠤᠨ ᠳᠡᠰ ᠳᠠᠪᠬᠤᠷᠭ᠎ᠠ᠎ᠳᠤ ᠲᠠᠯᠪᠢᠨ ᠴᠢᠬᠤᠯᠠᠴᠢᠯᠠᠵᠤ᠂ ᠡᠨᠡ᠎ᠨᠢ ᠶᠡᠷᠦᠩᠬᠡᠢ ᠱᠦᠵᠢ ᠵᠢᠨ ᠥᠪᠥᠷ ᠮᠣᠩᠭᠣᠯ᠎ᠳᠠᠬᠢ ᠬᠦᠰᠡᠯ ᠡᠷᠡᠮᠡᠯᠵᠡᠯ ᠪᠣᠯᠬᠤ᠎ᠪᠠᠷ ᠪᠠᠷᠠᠬᠤ ᠦᠭᠡᠢ᠂ ᠥᠪᠥᠷ ᠮᠣᠩᠭᠣᠯ᠎ᠤᠨ ᠡᠷᠬᠡᠪᠰᠢ ᠤᠬᠠᠮᠰᠠᠷ᠎ᠠᠴᠠ᠎ᠪᠠᠨ ᠡᠭᠦᠷᠭᠡᠯᠡᠬᠦ ᠴᠢᠬᠤᠯᠠ ᠶᠡᠬᠡ ᠬᠠᠷᠢᠭᠤᠴᠠᠯᠭ᠎ᠠ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠥᠷᠭᠡᠨ ᠣᠯᠠᠨ ᠺᠠᠳ᠋ᠷ ᠠᠵᠢᠯᠲᠠᠳ᠎ᠤᠨ ᠳᠤᠮᠳᠠ ᠬᠠᠯᠠᠭᠤᠨ ᠲᠤᠰᠬᠠᠯ ᠭᠠᠷᠭ᠋ᠠᠵᠠᠢ᠃
      ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠬᠡᠯᠡᠬᠦ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠭᠰᠠᠨ 《ᠳᠥᠷᠪᠡᠨ ᠨᠢᠭᠡ》᠎ᠨᠢ ᠮᠠᠨ᠎ᠤ ᠨᠠᠮ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠮ᠎ᠡ ᠶᠣᠰᠣᠨ᠎ᠤ ᠡᠵᠡᠮᠳᠡᠯ᠎ᠢ ᠢᠯᠡᠷᠡᠭᠦᠯᠦᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠴᠠᠭ ᠦᠶ᠎ᠡ᠎ᠳᠠᠬᠢ ᠨᠠᠮ ᠪᠠ ᠤᠯᠤᠰ᠎ᠤᠨ ᠦᠢ᠍ᠯᠡᠰ᠎ᠤᠨ ᠬᠥᠭᠵᠢᠯᠲᠡ᠎ᠳᠠᠬᠢ ᠪᠠᠢ᠌ᠷᠢ ᠰᠠᠭᠤᠷᠢ ᠵᠢ ᠢᠯᠡᠷᠡᠭᠦᠯᠵᠦ᠂ ᠪᠠᠰᠠ ᠨᠠᠮ᠎ᠤᠨ ᠠᠮᠢ ᠠᠬᠤᠢ ᠵᠢᠨ ᠪᠣᠯᠪᠠᠰᠤᠨ᠎ᠢ ᠪᠠᠢ᠌ᠭᠤᠯᠬᠤ ᠪᠠᠢ᠌ᠷᠢᠯᠠᠭᠤᠯᠤᠯᠲᠠ ᠪᠠ ᠱᠠᠭ᠋ᠠᠷᠳᠠᠯᠭ᠎ᠠ ᠵᠢ ᠢᠯᠡᠷᠡᠭᠦᠯᠵᠦ᠂ ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠪᠣᠯᠣᠨ᠎ᠠ᠂ ᠡᠨᠡ᠎ᠨᠢ ᠪᠢᠳᠡᠨ᠎ᠳᠤ ᠭᠦᠨᠵᠡᠭᠡᠢ ᠵᠣᠷᠢᠭᠵᠢᠭᠤᠯᠤᠯ ᠣᠯᠭᠣᠨ᠂ ᠲᠤᠢ᠌ᠯ ᠵᠶ᠋ᠠᠷ ᠰᠡᠳᠬᠢᠯ ᠳᠣᠭᠳᠣᠯᠤᠭᠤᠯᠤᠭᠰᠠᠨ ᠵᠶ᠋ᠠᠷ ᠪᠠᠷᠠᠬᠤ ᠦᠭᠡᠢ᠂ ᠡᠭᠦᠷᠭᠡᠯᠡᠵᠦ ᠪᠠᠢ᠌ᠭ᠎ᠠ ᠬᠠᠷᠢᠭᠤᠴᠠᠯᠭ᠎ᠠ ᠵᠢᠨ ᠴᠢᠬᠤᠯᠠ ᠶᠡᠬᠡ ᠭᠡᠳᠡᠭ᠎ᠢ ᠭᠦᠨᠵᠡᠭᠡᠢ ᠣᠢ᠌ᠯᠠᠭ᠋ᠠᠭᠤᠯᠪᠠ᠃ ᠪᠢᠳᠡ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠰᠤᠷᠤᠯᠴᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠠᠩᠬᠠᠷᠤᠯ ᠪᠠ ᠬᠦᠴᠦᠨ ᠵᠶ᠋ᠡᠨ ᠲᠥᠪᠯᠡᠷᠡᠭᠦᠯᠵᠦ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ᠎ᠢ ᠢᠳᠡᠪᠬᠢᠲᠡᠢ᠎ᠪᠠᠷ ᠰᠦᠪᠡᠭᠴᠢᠯᠡᠵᠦ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ ᠭᠡᠵᠡᠢ᠃
      ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠰᠤᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠵᠤᠤ ᠱ᠌ᠢ ᠳ᠋ᠧ ᠢᠯᠡᠷᠬᠡᠢ᠌ᠯᠡᠬᠦ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ ᠶᠠᠷᠢᠶᠠᠨ᠎ᠳᠤ᠎ᠪᠠᠨ ᠥᠪᠥᠷ ᠮᠣᠩᠭᠣᠯ᠎ᠤᠨ ᠬᠥᠯᠥᠨ ᠨᠠᠭᠤᠷ᠂ ᠤᠯᠠᠭ᠋ᠠᠨᠰᠤᠬᠠᠢ᠂ ᠲᠠᠢ᠌ᠭ᠎ᠠ ᠨᠠᠭᠤᠷ᠎ᠤᠨ ᠠᠮᠢ ᠠᠬᠤᠢ ᠵᠢᠨ ᠶᠡᠷᠦᠩᠬᠡᠢ᠌ᠯᠡᠭᠰᠡᠨ ᠵᠠᠰᠠᠯᠲᠠ ᠵᠢ ᠰᠠᠢ᠌ᠲᠤᠷ ᠠᠳᠬᠤᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠪᠢᠳᠡ ᠡᠷᠬᠡᠪᠰᠢ ᠢᠲᠡᠭᠡᠯ ᠵᠶ᠋ᠡᠨ ᠪᠠᠲᠤᠳᠬᠠᠨ᠂ ᠭᠤᠢ᠌ᠪᠢᠰᠢ ᠦᠭᠡᠢ᠎ᠪᠠᠷ ᠶᠡᠬᠡ ᠬᠦᠴᠦ ᠵᠠᠷᠤᠴᠠᠭᠤᠯᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠨᠣᠭᠣᠭ᠋ᠠᠨ ᠥᠩᠭᠡ᠎ᠪᠠᠷ ᠥᠨᠢᠳᠡ ᠬᠤᠪᠢᠷᠠᠰᠢ ᠦᠭᠡᠢ ᠥᠩᠭᠡ ᠪᠣᠯᠭ᠋ᠠᠵᠤ᠂ ᠭᠤᠷᠪᠠᠨ ᠨᠠᠭᠤᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠨ ᠵᠠᠰᠠᠬᠤ ᠠᠵᠢᠯ᠎ᠢ ᠰᠠᠢ᠌ᠲᠤᠷ ᠪᠥᠭᠡᠳ ᠪᠣᠳᠠᠲᠠᠢ᠎ᠪᠠᠷ ᠬᠢᠬᠦ ᠬᠡᠷᠡᠭᠲᠡᠢ ᠭᠡᠵᠡᠢ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠰᠣᠯᠢᠯᠴᠠᠭ᠋ᠠᠨ᠎ᠤ ᠲᠥᠪ᠎ᠤᠨ ᠳᠡᠳ᠋ ᠡᠷᠬᠢᠯᠡᠭᠴᠢ ᠯᠦ᠍ ᠴᠢᠤᠸᠠᠨ ᠵᠦᠩ ᠰᠡᠳᠬᠢᠯ ᠳᠣᠭᠳᠣᠯᠤᠨ ᠬᠡᠯᠡᠬᠦ᠎ᠳᠤ᠎ᠪᠠᠨ᠂ ᠨᠢᠭᠡᠨ ᠠᠮᠢ ᠠᠬᠤᠢ ᠵᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ ᠪᠣᠯᠣᠭᠰᠠᠨ᠎ᠤ ᠬᠤᠪᠢ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠵᠢ ᠰᠤᠷᠤᠯᠴᠠᠭᠰᠠᠨ᠎ᠤ ᠳᠠᠷᠠᠭ᠎ᠠ᠂ ᠡᠭᠦᠷᠭᠡ ᠬᠠᠷᠢᠭᠤᠴᠠᠯᠭ᠎ᠠ ᠵᠢᠨ ᠵᠶ᠋ᠡᠨ ᠥᠩᠭᠡ ᠭᠡᠷᠡᠯᠲᠡᠢ ᠵᠢ ᠨᠡᠩ ᠭᠦᠨᠵᠡᠭᠡᠢ ᠣᠢ᠌ᠯᠠᠭ᠋ᠠᠪᠠ᠃ ᠪᠢᠳᠡ ᠡᠷᠬᠡᠪᠰᠢ ᠶᠡᠷᠦᠩᠬᠡᠢ ᠱᠦᠵᠢ ᠵᠢᠨ ᠵᠢᠭ᠋ᠠᠪᠤᠷᠢ ᠪᠠ ᠱᠠᠭ᠋ᠠᠷᠳᠠᠯᠭ᠎ᠠ ᠶᠣᠰᠣᠭ᠋ᠠᠷ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠣᠶᠣᠨ ᠤᠬᠠᠭ᠋ᠠᠨ ᠪᠠ ᠬᠦᠴᠦᠨ ᠴᠢᠳᠠᠯ ᠵᠶ᠋ᠠᠨ ᠬᠠᠨᠳᠢᠪᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠬᠡᠷᠡᠭᠯᠡᠨ᠂ ᠮᠠᠨ᠎ᠤ ᠣᠷᠣᠨ᠎ᠤ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠵᠠᠮ᠎ᠢ ᠰᠦᠪᠡᠭᠴᠢᠯᠡᠬᠦ᠎ᠳᠤ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠡᠢ᠃  

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠡᠮᠡᠭᠲᠡᠢ᠌ᠴᠦᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠲᠤᠰᠬᠠᠢ ᠰᠡᠳᠦᠪᠲᠦ ᠲᠠᠢ᠌ᠯᠤᠮᠵᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠭ᠋ᠠᠷ ᠮᠠᠨᠳᠠᠯ ᠪᠠ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠠᠯᠪᠠᠨ ᠭᠡᠷ᠎ᠠᠴᠠ ᠪᠤᠭᠤᠲᠤ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
ᠠᠯᠠᠱ᠌ᠠ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠤᠬᠠᠭᠤᠯᠭ᠎ᠠ ᠵᠢᠨ ᠦᠷ᠎ᠡ ᠪᠦᠲᠦᠮᠵᠢ᠎ᠪᠠᠨ ᠴᠢᠬᠤᠯᠠᠴᠢᠯᠠᠨ ᠳᠡᠭᠡᠭᠰᠢᠯᠡᠭᠦᠯᠵᠦ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶᠡᠴᠢ ᠵᠢ ᠲᠠᠰᠤᠷᠠᠯᠲᠠ ᠦᠭᠡᠢ ᠢᠯᠡᠷᠡᠭᠦᠯᠵᠦ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠠᠴᠠ ᠣᠷᠴᠢᠨ ᠲᠣᠭᠣᠷᠢᠨ᠎ᠢ ᠬᠠᠮᠠᠭ᠋ᠠᠯᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠢ᠌ᠴᠢᠯᠠᠨ ᠪᠠᠢ᠌ᠷᠢᠯᠠᠭᠤᠯᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠤᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠳᠤ ᠠᠩᠬᠠᠷᠤᠭᠤᠯᠤᠨ ᠲᠥᠪᠯᠡᠷᠡᠭᠦᠯᠵᠦ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ᠎ᠳᠤ ᠬᠦᠴᠦᠨ ᠵᠶ᠋ᠡᠨ ᠲᠥᠪᠯᠡᠷᠡᠭᠦᠯᠪᠡ
ᠬᠥᠬᠡᠬᠣᠲᠠ᠎ᠠᠴᠠ ᠲᠣᠰᠣ ᠨᠡᠮᠡᠬᠦ ᠥᠷᠲᠡᠭᠡ᠂ ᠲᠣᠰᠣ ᠬᠠᠳᠠᠭ᠋ᠠᠯᠠᠬᠤ ᠬᠥᠮᠥᠷᠭᠡ ᠪᠠ ᠵᠠᠮ᠎ᠤᠨ ᠪᠤᠰᠤ ᠮᠧᠬᠠᠨᠢᠭ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ ᠪᠠᠢ᠌ᠨ᠎ᠠ
 
             蒙ICP备05000248号