ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠠᠢ᠌ᠭ᠎ᠠ ᠨᠠᠭᠤᠷ᠎ᠤᠨ ᠤᠰᠤᠨ᠎ᠤ ᠣᠷᠴᠢᠨ ᠲᠣᠭᠣᠷᠢᠨ᠎ᠤ ᠳ᠋ᠠᠢ᠌ᠲ᠋ᠠ ᠵᠢ ᠨᠡᠢ᠌ᠯᠡᠭᠦᠯᠦᠨ ᠨᠢᠭᠡᠳᠬᠡᠵᠦ ᠬᠠᠮᠲᠤ᠎ᠳᠤ᠎ᠪᠠᠨ ᠠᠰᠢᠭᠯᠠᠬᠤ ᠵᠢ ᠢᠳᠡᠪᠬᠢᠲᠡᠢ ᠠᠬᠢᠭᠤᠯᠪᠠ
ᠨᠡᠶ᠋ᠢᠲᠡᠯᠡᠭᠰᠡᠨ ᠴᠠᠭ᠄ 2019-04-03

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》᠎ᠳᠠᠬᠢ 《ᠬᠢᠵᠠᠭ᠋ᠠᠷᠯᠠᠵᠤ ᠪᠠᠢ᠌ᠭ᠎ᠠ ᠨᠢᠭᠡᠴᠢ ᠵᠢᠨ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠤᠯᠠᠭ᠋ᠠᠨᠰᠤᠬᠠᠢ᠂ ᠬᠥᠯᠥᠨ ᠨᠠᠭᠤᠷ᠂ ᠲᠠᠢ᠌ᠭ᠎ᠠ ᠨᠠᠭᠤᠷ ᠵᠡᠷᠭᠡ ᠰᠠᠪᠠ ᠭᠠᠵᠠᠷ᠎ᠲᠤ ᠤᠰᠤᠨ᠎ᠤ ᠣᠷᠴᠢᠨ ᠲᠣᠭᠣᠷᠢᠨ᠎ᠤ ᠲᠣᠮᠣ ᠳ᠋ᠠᠢ᠌ᠲ᠋ᠠ ᠵᠢ ᠵᠠᠳᠠᠯᠤᠨ ᠬᠡᠷᠡᠭᠯᠡᠬᠦ》 ᠱᠠᠭ᠋ᠠᠷᠳᠠᠯᠭ᠎ᠠ ᠶᠣᠰᠣᠭ᠋ᠠᠷ᠂ 2019 ᠣᠨ᠎ᠳᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠲᠣᠮᠣ ᠳ᠋ᠠᠢ᠌ᠲ᠋ᠠ ᠵᠢᠨ ᠬᠣᠶᠠᠳᠤᠭ᠋ᠠᠷ ᠬᠤᠭᠤᠴᠠᠭ᠋ᠠᠨ᠎ᠤ ᠲᠥᠷᠥᠯ ᠵᠦᠢ᠍ᠯ᠎ᠢ ᠠᠵᠢᠯᠯᠠᠭᠤᠯᠵᠤ᠂ 《ᠭᠤᠷᠪᠠᠨ ᠨᠠᠭᠤᠷ》᠎ᠤᠨ ᠤᠰᠤᠨ᠎ᠤ ᠣᠷᠴᠢᠨ ᠲᠣᠭᠣᠷᠢᠨ᠎ᠤ ᠲᠣᠮᠣ ᠳ᠋ᠠᠢ᠌ᠲ᠋ᠠ ᠵᠢ ᠵᠠᠳᠠᠯᠤᠨ ᠬᠡᠷᠡᠭᠯᠡᠪᠡ᠃ ᠲᠥᠷᠥᠯ ᠵᠦᠢ᠍ᠯ᠎ᠢ ᠤᠷᠤᠭᠰᠢᠲᠠᠢ ᠬᠡᠷᠡᠭᠵᠢᠭᠦᠯᠬᠦ ᠵᠢ ᠪᠠᠲᠤᠯᠠᠵᠤ᠂ 《ᠭᠤᠷᠪᠠᠨ ᠨᠠᠭᠤᠷ》᠎ᠤᠨ ᠤᠰᠤᠨ᠎ᠤ ᠣᠷᠴᠢᠨ ᠲᠣᠭᠣᠷᠢᠨ᠎ᠤ ᠳ᠋ᠠᠢ᠌ᠲ᠋ᠠ ᠵᠢ ᠨᠡᠢ᠌ᠯᠡᠭᠦᠯᠦᠨ ᠨᠢᠭᠡᠳᠬᠡᠵᠦ ᠬᠠᠮᠲᠤ᠎ᠳᠤ᠎ᠪᠠᠨ ᠠᠰᠢᠭᠯᠠᠬᠤ ᠵᠢ ᠠᠬᠢᠭᠤᠯᠬᠤ ᠵᠢᠨ ᠲᠤᠰᠠᠳᠠ᠂ 3 ᠳ᠋ᠤᠭ᠋ᠠᠷ ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠰᠤᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠤᠨ ᠲᠣᠮᠣ ᠳ᠋ᠠᠢ᠌ᠲ᠋ᠠ ᠵᠢᠨ ᠲᠥᠷᠥᠯ ᠵᠦᠢ᠍ᠯ᠎ᠤᠨ ᠳᠤᠭᠤᠢ᠌ᠯᠠᠩ᠎ᠤᠨ᠎ᠬᠢᠨ ᠤᠯᠠᠭ᠋ᠠᠨᠴᠠᠪ ᠬᠣᠲᠠ᠂ ᠯᠢᠶᠠᠩ ᠴᠧᠩ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠬᠦᠷᠴᠦ ᠲᠠᠢ᠌ᠭ᠎ᠠ ᠨᠠᠭᠤᠷ᠎ᠤᠨ ᠤᠰᠤᠨ᠎ᠤ ᠣᠷᠴᠢᠨ ᠲᠣᠭᠣᠷᠢᠨ᠎ᠤ ᠳ᠋ᠠᠢ᠌ᠲ᠋ᠠ ᠵᠢ ᠵᠣᠯᠭ᠋ᠠᠯᠳᠤᠭᠤᠯᠬᠤ ᠠᠵᠢᠯ᠎ᠢ ᠵᠣᠬᠢᠴᠠᠭᠤᠯᠤᠨ ᠪᠠᠢ᠌ᠷᠢᠯᠠᠭᠤᠯᠪᠠ᠃ ᠡᠯ᠎ᠡ ᠲᠥᠷᠥᠯ᠎ᠤᠨ ᠳ᠋ᠠᠢ᠌ᠲ᠋ᠠ ᠵᠢ ᠭᠣᠣᠯᠴᠢᠯᠠᠨ ᠬᠠᠮᠢᠶᠠᠷᠬᠤ ᠨᠢᠭᠡᠴᠢ ᠵᠢ ᠢᠯᠭ᠋ᠠᠨ ᠡᠮᠬᠢᠯᠡᠵᠦ᠂ ᠳ᠋ᠠᠢ᠌ᠲ᠋ᠠ ᠵᠢᠨ ᠲᠥᠷᠥᠯ ᠬᠡᠯᠪᠡᠷᠢ ᠪᠠ ᠴᠤᠭᠯᠠᠭᠤᠯᠬᠤ ᠠᠷᠭ᠎ᠠ ᠬᠡᠯᠪᠡᠷᠢ ᠵᠢ ᠲᠣᠳᠣᠷᠬᠠᠢ᠌ᠯᠠᠨ᠂ ᠲᠠᠢ᠌ᠭ᠎ᠠ ᠨᠠᠭᠤᠷ᠎ᠤᠨ ᠤᠰᠤᠨ᠎ᠤ ᠶᠠᠰᠤ ᠴᠢᠨᠠᠷ᠎ᠢ ᠠᠦ᠋ᠲ ᠵᠶ᠋ᠠᠷ ᠬᠢᠨᠠᠨ ᠬᠡᠮᠵᠢᠬᠦ᠂ ᠬᠥᠮᠥᠨ᠎ᠤ ᠬᠦᠴᠦ᠎ᠪᠠᠷ ᠬᠢᠨᠠᠨ ᠬᠡᠮᠵᠢᠬᠦ᠂ ᠴᠠᠭ ᠠᠭᠤᠷ᠂ ᠤᠰᠤᠨ ᠵᠦᠢ ᠵᠡᠷᠭᠡ ᠳ᠋ᠠᠢ᠌ᠲ᠋ᠠ ᠵᠢ ᠨᠡᠢ᠌ᠯᠡᠭᠦᠯᠦᠨ ᠨᠢᠭᠡᠳᠬᠡᠬᠦ ᠵᠢ ᠪᠡᠶᠡᠯᠡᠭᠦᠯᠬᠦ᠎ᠳᠤ ᠰᠠᠭᠤᠷᠢ ᠵᠢ ᠲᠠᠯᠪᠢᠵᠤ᠂ ᠪᠠᠰᠠ 《ᠭᠤᠷᠪᠠᠨ ᠨᠠᠭᠤᠷ》᠎ᠤᠨ ᠤᠰᠤᠨ᠎ᠤ ᠣᠷᠴᠢᠨ ᠲᠣᠭᠣᠷᠢᠨ᠎ᠤ ᠲᠣᠮᠣ ᠳ᠋ᠠᠢ᠌ᠲ᠋ᠠ ᠵᠢ ᠵᠠᠳᠠᠯᠤᠨ ᠬᠡᠷᠡᠭᠯᠡᠬᠦ᠎ᠳᠤ ᠰᠠᠢ᠌ᠨ ᠰᠠᠢ᠌ᠬᠠᠨ ᠡᠬᠢᠯᠡᠯᠲᠡ ᠵᠢ ᠪᠣᠢ ᠪᠣᠯᠭ᠋ᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠬᠥᠯᠥᠨ ᠪᠣᠢ᠌ᠷ᠎ᠤᠨ ᠤᠮᠠᠷᠠᠲᠤ ᠵᠢᠨ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠤ ᠲᠤᠰᠬᠠᠢ ᠵᠦᠢ᠍ᠯ᠎ᠤᠨ ᠬᠢᠨᠠᠯᠲᠠ ᠪᠠᠢ᠌ᠴᠠᠭ᠋ᠠᠯᠲᠠ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠲᠦᠩᠯᠢᠶᠣᠣ ᠬᠣᠲᠠ ᠵᠢᠨ ᠬᠤᠤᠯᠢᠨ ᠭᠣᠣᠯ ᠣᠷᠣᠨ᠎ᠤ ᠴᠠᠬᠢᠯᠭ᠋ᠠᠨ ᠵᠠᠳᠠᠯᠤᠯᠲᠠ ᠵᠢᠨ ᠬᠥᠩᠭᠡᠨᠴᠠᠭ᠋ᠠᠨ᠎ᠤ ᠦᠢ᠍ᠯᠡᠰ᠎ᠤᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠤ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠬᠢᠪᠡ
ᠬᠢᠩᠭ᠋ᠠᠨ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠪᠠᠶᠠᠨᠬᠣᠲᠠ ᠪᠠᠯᠭ᠋ᠠᠰᠤ ᠵᠢᠴᠢ ᠡᠷᠭᠢᠨ ᠲᠣᠭᠣᠷᠢᠨ᠎ᠤ ᠣᠷᠣᠨ ᠪᠦᠰᠡ ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠲᠤᠯᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ
ᠬᠥᠬᠡᠬᠣᠲᠠ ᠪᠣᠬᠢᠷᠲᠤᠯ ᠭᠠᠳᠠᠭᠰᠢᠯᠠᠭᠤᠯᠬᠤ᠎ᠨᠢ ᠬᠢᠷᠢ ᠲᠡᠩᠴᠡᠬᠦ ᠦᠭᠡᠢ ᠵᠠᠮ᠎ᠤᠨ ᠪᠤᠰᠤ ᠰᠢᠯᠵᠢᠭᠡ ᠮᠧᠬᠠᠨᠢᠭ᠎ᠲᠤ 《ᠬᠠᠮᠤᠭ᠎ᠤᠨ ᠠᠩᠬᠠᠨ᠎ᠤ ᠲᠣᠷᠭ᠋ᠠᠭᠤᠯᠢ ᠵᠢᠨ ᠬᠠᠭᠤᠳᠠᠰᠤ》 ᠣᠯᠭᠣᠪᠠ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ᠎ᠤ ᠥᠪᠥᠷ ᠮᠣᠩᠭᠣᠯ᠎ᠳᠤ ᠰᠠᠭᠤᠭ᠎ᠠ ᠰᠤᠷᠪᠤᠯᠵᠢᠯᠠᠭᠴᠢ ᠵᠢᠨ ᠥᠷᠲᠡᠭᠡ ᠵᠢᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠵᠦ ᠦᠨᠳᠦᠰᠦᠨ ᠱᠠᠲᠤᠨ᠎ᠳᠤ ᠭᠦᠨᠵᠡᠭᠡᠢ᠌ᠷᠡᠨ ᠰᠤᠷᠪᠤᠯᠵᠢᠯᠠᠨ ᠮᠡᠳᠡᠭᠡᠯᠡᠪᠡ
 
             蒙ICP备05000248号