3 ᠳ᠋ᠤᠭ᠋ᠠᠷ ᠰᠠᠷ᠎ᠠ ᠵᠢᠨ 25᠎ᠤ ᠡᠳᠦᠷ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠵᠠᠮ᠎ᠤᠨ ᠪᠤᠰᠤ ᠰᠢᠯᠵᠢᠭᠡ ᠮᠧᠬᠠᠨᠢᠭ᠎ᠤᠨ ᠲᠤᠬᠠᠢ ᠵᠢᠨ ᠭᠠᠵᠠᠷ᠎ᠤᠨ ᠪᠠᠢ᠌ᠴᠠᠭ᠋ᠠᠯᠲᠠ᠎ᠳᠤ᠂ ᠭᠠᠵᠠᠷ ᠳᠣᠣᠷᠠᠬᠢ ᠲᠡᠮᠦᠷ ᠵᠠᠮ᠎ᠤᠨ ᠨᠢᠭᠡᠳᠦᠭᠡᠷ ᠱᠤᠭᠤᠮ᠎ᠤᠨ ᠬᠣᠲᠠ ᠵᠢᠨ ᠵᠠᠰᠠᠭ᠎ᠤᠨ ᠣᠷᠳᠣᠨ᠎ᠤ ᠥᠷᠲᠡᠭᠡ ᠵᠢᠨ ᠪᠠᠷᠢᠯᠭ᠎ᠠ ᠵᠢᠨ ᠲᠤᠬᠠᠢ ᠵᠢᠨ ᠲᠠᠯᠠᠪᠤᠷ᠎ᠤᠨ ᠨᠢᠭᠡᠨ ᠤᠬᠤᠭᠤᠷ ᠮᠠᠰᠢᠨ᠎ᠤ ᠭᠠᠳᠠᠭᠰᠢᠯᠠᠭᠤᠯᠤᠭᠰᠠᠨ ᠠᠷᠤ ᠵᠢᠨ ᠬᠡᠢ ᠵᠢ ᠪᠠᠢ᠌ᠴᠠᠭ᠋ᠠᠨ ᠬᠡᠮᠵᠢᠭᠰᠡᠨ᠎ᠳᠤ ᠬᠢᠷᠢ ᠲᠡᠩᠴᠡᠭᠰᠡᠨ ᠦᠭᠡᠢ᠂ ᠠᠵᠢᠯᠯᠠᠬᠤ ᠦᠶ᠎ᠡ᠎ᠳᠤ ᠬᠠᠷ᠎ᠠ ᠤᠲᠤᠭ᠎ᠠ ᠭᠠᠳᠠᠭᠰᠢᠯᠠᠭᠤᠯᠵᠤ ᠪᠠᠢ᠌ᠭ᠎ᠠ ᠦᠵᠡᠭᠳᠡᠯ ᠢᠯᠡᠷᠡᠭᠰᠡᠨ᠎ᠳᠤ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠤᠰ ᠪᠠᠷᠢᠯᠭ᠎ᠠ ᠵᠢᠨ ᠭᠠᠵᠠᠷ᠎ᠢ ᠵᠠᠷᠯᠢᠭᠳᠠᠨ ᠣᠯᠠᠨ ᠤᠳᠠᠭ᠎ᠠ ᠴᠡᠭᠴᠡᠯᠡᠨ ᠥᠭᠡᠷᠡᠴᠢᠯᠡᠭᠰᠡᠨ ᠪᠣᠯᠪᠠᠴᠤ ᠮᠥᠨ ᠬᠦ᠌ ᠬᠢᠷᠢ ᠲᠡᠩᠴᠡᠬᠦ ᠦᠭᠡᠢ ᠪᠠᠷᠢᠯᠭ᠎ᠠ ᠵᠢᠨ ᠮᠧᠬᠠᠨᠢᠭ ᠬᠡᠷᠡᠭᠯᠡᠵᠦ ᠪᠠᠢ᠌ᠭ᠎ᠠ ᠪᠠᠢ᠌ᠳᠠᠯ ᠣᠷᠣᠰᠢᠵᠤ ᠪᠠᠢ᠌ᠵᠠᠢ᠃ ᠡᠭᠦᠨ᠎ᠳᠤ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠤᠬᠠᠢ ᠵᠢᠨ ᠲᠠᠯᠠᠪᠤᠷ᠎ᠲᠤ ᠬᠦᠷᠴᠦ ᠲᠤᠰ ᠮᠧᠬᠠᠨᠢᠭ᠎ᠤᠨ ᠳᠠᠷᠤᠢ᠎ᠳᠤ᠎ᠨᠢ ᠠᠵᠢᠯ ᠵᠶ᠋ᠠᠨ ᠵᠣᠭᠰᠣᠭ᠋ᠠᠬᠤ᠎ᠪᠠᠷ ᠱᠠᠭ᠋ᠠᠷᠳᠠᠭᠰᠠᠨ᠎ᠤ ᠬᠠᠮᠲᠤ᠂ ᠬᠥᠬᠡᠬᠣᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠨ ᠬᠥᠭᠵᠢᠭᠦᠯᠬᠦ ᠲᠣᠭᠣᠷᠢᠭ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠎ᠳᠤ ᠲᠤᠰᠢᠶᠠᠵᠤ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠪᠠ 《ᠪᠣᠬᠢᠷᠲᠤᠯ ᠶᠡᠬᠡ ᠭᠠᠳᠠᠭᠰᠢᠯᠠᠭᠤᠯᠬᠤ ᠵᠠᠮ᠎ᠤᠨ ᠪᠤᠰᠤ ᠰᠢᠯᠵᠢᠭᠡ ᠮᠧᠬᠠᠨᠢᠭ ᠬᠡᠷᠡᠭᠯᠡᠬᠦ ᠵᠢ ᠴᠠᠭ᠋ᠠᠵᠠᠯᠠᠬᠤ ᠣᠷᠣᠨ ᠪᠦᠰᠡ ᠵᠢ ᠬᠤᠪᠢᠶᠠᠷᠢᠯᠠᠨ ᠲᠣᠭᠲᠠᠭ᠋ᠠᠬᠤ ᠲᠤᠬᠠᠢ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ》 ᠶᠣᠰᠣᠭ᠋ᠠᠷ᠂ ᠪᠠᠷᠢᠯᠭ᠎ᠠ ᠪᠠᠷᠢᠬᠤ ᠨᠢᠭᠡᠴᠢ ᠵᠢ 5000 ᠲᠥᠭᠥᠷᠢᠭ ᠵᠶ᠋ᠡᠷ ᠲᠣᠷᠭ᠋ᠠᠭᠰᠠᠨᠤ ᠬᠠᠮᠲᠤ᠂ ᠪᠠᠷᠢᠯᠭ᠎ᠠ ᠵᠢᠨ ᠮᠧᠬᠠᠨᠢᠭ᠎ᠢ ᠪᠠᠷᠢᠯᠭ᠎ᠠ ᠵᠢᠨ ᠲᠠᠯᠠᠪᠤᠷ᠎ᠠᠴᠠ ᠪᠤᠴᠠᠭ᠋ᠠᠨ ᠭᠠᠷᠭ᠋ᠠᠬᠤ᠎ᠪᠠᠷ ᠱᠠᠭ᠋ᠠᠷᠳᠠᠪᠠ᠃ ᠡᠨᠡ ᠪᠣᠯ ᠬᠥᠬᠡᠬᠣᠲᠠ ᠵᠢᠨ ᠪᠣᠬᠢᠷᠲᠤᠯ ᠭᠠᠳᠠᠭᠰᠢᠯᠠᠭᠤᠯᠬᠤ᠎ᠨᠢ ᠬᠢᠷᠢ ᠲᠡᠩᠴᠡᠬᠦ ᠦᠭᠡᠢ ᠵᠠᠮ᠎ᠤᠨ ᠪᠤᠰᠤ ᠰᠢᠯᠵᠢᠭᠡ ᠮᠧᠬᠠᠨᠢᠭ᠎ᠲᠤ ᠣᠯᠭᠣᠭᠰᠠᠨ 《ᠬᠠᠮᠤᠭ᠎ᠤᠨ ᠠᠩᠬᠠᠨ᠎ᠤ ᠲᠣᠷᠭ᠋ᠠᠭᠤᠯᠢ ᠵᠢᠨ ᠬᠠᠭᠤᠳᠠᠰᠤ》 ᠪᠣᠯᠣᠨ᠎ᠠ᠃
ᠳᠠᠷᠠᠭ᠋ᠠᠴᠢ ᠵᠢᠨ ᠠᠯᠬᠤᠮ᠎ᠳᠤ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠪᠠᠷᠢᠯᠭ᠎ᠠ ᠵᠢᠨ ᠲᠤᠬᠠᠢ ᠵᠢᠨ ᠲᠠᠯᠠᠪᠤᠷ᠎ᠤᠨ ᠵᠠᠮ᠎ᠤᠨ ᠪᠤᠰᠤ ᠰᠢᠯᠵᠢᠭᠡ ᠮᠧᠬᠠᠨᠢᠭ᠎ᠲᠤ ᠬᠢᠨᠠᠯᠲᠠ ᠪᠠᠢ᠌ᠴᠠᠭ᠋ᠠᠯᠲᠠ ᠬᠢᠬᠦ ᠪᠠ ᠴᠡᠭᠴᠡᠯᠡᠨ ᠵᠠᠰᠠᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠪᠣᠬᠢᠷᠲᠤᠯ ᠭᠠᠳᠠᠭᠰᠢᠯᠠᠭᠤᠯᠬᠤ᠎ᠨᠢ ᠬᠢᠷᠢ ᠲᠡᠩᠴᠡᠬᠦ ᠦᠭᠡᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠠᠩᠰᠠᠯᠠᠭᠤᠯᠤᠯᠲᠠ ᠬᠢᠭᠰᠡᠨ ᠦᠭᠡᠢ ᠪᠠ 《ᠪᠣᠬᠢᠷᠲᠤᠯ ᠶᠡᠬᠡ ᠭᠠᠳᠠᠭᠰᠢᠯᠠᠭᠤᠯᠬᠤ ᠵᠠᠮ᠎ᠤᠨ ᠪᠤᠰᠤ ᠰᠢᠯᠵᠢᠭᠡ ᠮᠧᠬᠠᠨᠢᠭ ᠬᠡᠷᠡᠭᠯᠡᠬᠦ ᠵᠢ ᠴᠠᠭ᠋ᠠᠵᠠᠯᠠᠬᠤ ᠣᠷᠣᠨ ᠪᠦᠰᠡ ᠵᠢ ᠬᠤᠪᠢᠶᠠᠷᠢᠯᠠᠨ ᠲᠣᠭᠲᠠᠭ᠋ᠠᠬᠤ ᠲᠤᠬᠠᠢ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ》᠎ᠢ ᠵᠥᠷᠢᠴᠡᠭᠰᠡᠨ ᠵᠠᠮ᠎ᠤᠨ ᠪᠤᠰᠤ ᠰᠢᠯᠵᠢᠭᠡ ᠮᠧᠬᠠᠨᠢᠭ᠎ᠢ ᠰᠢᠢ᠍ᠳᠬᠡᠨ ᠲᠣᠷᠭ᠋ᠠᠬᠤ ᠪᠠ ᠪᠠᠷᠢᠯᠭ᠎ᠠ ᠵᠢᠨ ᠲᠠᠯᠠᠪᠤᠷ᠎ᠠᠴᠠ ᠪᠤᠴᠠᠭ᠋ᠠᠨ ᠭᠠᠷᠭ᠋ᠠᠨ᠎ᠠ᠃