ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ᠎ᠳᠤ ᠳᠤᠷᠠᠳᠤᠭᠰᠠᠨ 《ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ》 ᠭᠡᠬᠦ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ᠎ᠤ ᠥᠪᠥᠷ ᠮᠣᠩᠭᠣᠯ᠎ᠳᠤ ᠰᠠᠭᠤᠭ᠎ᠠ ᠰᠤᠷᠪᠤᠯᠵᠢᠯᠠᠭᠴᠢ ᠵᠢᠨ ᠥᠷᠲᠡᠭᠡ ᠵᠢᠨ ᠰᠤᠷᠪᠤᠯᠵᠢᠯᠠᠭᠴᠢᠳ 3 ᠳ᠋ᠤᠭ᠋ᠠᠷ ᠰᠠᠷ᠎ᠠ ᠵᠢᠨ 25᠎ᠤ ᠡᠳᠦᠷ᠂ 3 ᠳ᠋ᠤᠭ᠋ᠠᠷ ᠰᠠᠷ᠎ᠠ ᠵᠢᠨ 27᠎ᠤ ᠡᠳᠦᠷ ᠲᠤᠰ ᠲᠤᠰ ᠤᠯᠠᠭ᠋ᠠᠨᠴᠠᠪ ᠬᠣᠲᠠ ᠵᠢᠨ ᠯᠢᠶᠠᠩ ᠴᠧᠩ ᠰᠢᠶᠠᠨ᠎ᠤ ᠲᠠᠢ᠌ᠭ᠎ᠠ ᠨᠠᠭᠤᠷ᠂ ᠬᠥᠬᠡᠬᠣᠲᠠ ᠪᠠ ᠬᠣᠷᠢᠨᠭᠡᠷ ᠰᠢᠶᠠᠨ᠎ᠳᠤ ᠬᠦᠷᠴᠦ ᠲᠤᠬᠠᠢ ᠵᠢᠨ ᠭᠠᠵᠠᠷ᠎ᠲᠤ ᠰᠤᠷᠪᠤᠯᠵᠢᠯᠠᠭ᠎ᠠ ᠬᠢᠵᠦ ᠪᠠᠢ᠌ᠴᠠᠭ᠋ᠠᠨ ᠰᠤᠳᠤᠯᠵᠠᠢ᠃
3 ᠳ᠋ᠤᠭ᠋ᠠᠷ ᠰᠠᠷ᠎ᠠ ᠵᠢᠨ 25᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ᠎ᠤ ᠥᠪᠥᠷ ᠮᠣᠩᠭᠣᠯ᠎ᠳᠤ ᠰᠠᠭᠤᠭ᠎ᠠ ᠰᠤᠷᠪᠤᠯᠵᠢᠯᠠᠭᠴᠢ ᠵᠢᠨ ᠥᠷᠲᠡᠭᠡ ᠵᠢᠨ ᠰᠤᠷᠪᠤᠯᠵᠢᠯᠠᠭᠴᠢᠳ ᠯᠢᠶᠠᠩ ᠴᠧᠩ ᠰᠢᠶᠠᠨ᠎ᠤ ᠭᠦᠩ ᠪᠠ ᠾᠧ ᠭᠣᠣᠯ᠎ᠤᠨ ᠠᠮᠢᠳᠤ ᠪᠣᠳᠠᠰ᠎ᠢ ᠴᠡᠪᠡᠷᠰᠢᠭᠦᠯᠬᠦ ᠢᠨᠵᠧᠨᠧᠷᠢᠩ᠎ᠳᠤ ᠬᠦᠷᠴᠦ ᠰᠤᠷᠪᠤᠯᠵᠢᠯᠠᠵᠤ ᠪᠠᠢ᠌ᠨ᠎ᠠ
3 ᠳ᠋ᠤᠭ᠋ᠠᠷ ᠰᠠᠷ᠎ᠠ ᠵᠢᠨ 27᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ᠎ᠤ ᠥᠪᠥᠷ ᠮᠣᠩᠭᠣᠯ᠎ᠳᠤ ᠰᠠᠭᠤᠭ᠎ᠠ ᠰᠤᠷᠪᠤᠯᠵᠢᠯᠠᠭᠴᠢ ᠵᠢᠨ ᠥᠷᠲᠡᠭᠡ ᠵᠢᠨ ᠰᠤᠷᠪᠤᠯᠵᠢᠯᠠᠭᠴᠢᠳ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠣᠷᠢᠨᠭᠡᠷ᠎ᠤᠨ ᠬᠤᠪᠢᠶᠠᠷᠢ ᠲᠣᠪᠴᠢᠶ᠎ᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠭᠰᠠᠨ ᠠᠵᠢᠯ᠎ᠤᠨ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠤᠭᠰᠠᠨ᠎ᠤ ᠬᠠᠮᠲᠤ ᠶᠠᠷᠢᠯᠴᠠᠭ᠎ᠠ ᠬᠢᠵᠦ ᠪᠠᠢ᠌ᠨ᠎ᠠ