ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠠᠯᠠᠱ᠌ᠠ ᠠᠢ᠌ᠮᠠᠭ᠎ᠠᠴᠠ ᠪᠠᠳᠢ ᠵᠢᠨ ᠵᠢᠷᠠᠨ ᠪᠠᠯᠭ᠋ᠠᠰᠤ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠬᠤᠪᠢᠶᠠᠷᠢᠯᠠᠨ ᠲᠣᠭᠲᠠᠭ᠋ᠠᠬᠤ ᠠᠵᠢᠯ᠎ᠢ ᠲᠦᠷᠭᠡᠳᠬᠡᠨ ᠠᠬᠢᠭᠤᠯᠪᠠ
ᠨᠡᠶ᠋ᠢᠲᠡᠯᠡᠭᠰᠡᠨ ᠴᠠᠭ᠄ 2019-04-03

      ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠂ ᠠᠯᠠᠱ᠌ᠠ ᠪᠠᠷᠠᠭᠤᠨ ᠬᠣᠰᠢᠭᠤᠨ᠎ᠤ ᠪᠠᠳᠢ ᠵᠢᠨ ᠵᠢᠷᠠᠨ ᠪᠠᠯᠭ᠋ᠠᠰᠤ ᠵᠢᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠠᠮᠤᠷ ᠲᠦᠪᠰᠢᠨ᠎ᠢ ᠪᠠᠲᠤᠯᠠᠵᠤ᠂ ᠣᠯᠠᠨ ᠲᠦᠮᠡᠨ᠎ᠤ   ᠪᠡᠶ᠎ᠡ ᠮᠠᠬᠠᠪᠤᠳ᠎ᠤᠨ   ᠡᠷᠡᠭᠦᠯ ᠴᠢᠭᠢᠷᠠᠭ᠎ᠢ ᠬᠠᠮᠠᠭ᠋ᠠᠯᠠᠬᠤ ᠵᠢᠨ   ᠲᠤᠰᠠᠳᠠ᠂ ᠠᠯᠠᠱ᠌ᠠ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠣᠢ᠌ᠷ᠎ᠠ᠎ᠳᠤ 《ᠠᠯᠠᠱ᠌ᠠ ᠪᠠᠷᠠᠭᠤᠨ ᠬᠣᠰᠢᠭᠤᠨ᠎ᠤ ᠪᠠᠳᠢ ᠵᠢᠨ ᠵᠢᠷᠠᠨ ᠪᠠᠯᠭ᠋ᠠᠰᠤ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠮᠡᠳᠡᠭᠦᠯᠦᠯᠲᠡ》 ᠵᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠬᠤ ᠵᠢ ᠪᠡᠶᠡᠯᠡᠭᠦᠯᠦᠭᠰᠡᠨ᠎ᠤ ᠬᠠᠮᠲᠤ᠂ ᠲᠤᠰᠬᠠᠢ ᠮᠡᠷᠭᠡᠵᠢᠯᠲᠡᠳ᠎ᠠᠴᠠ ᠬᠢᠨᠠᠨ ᠲᠣᠭᠲᠠᠭ᠋ᠠᠬᠤ᠎ᠪᠠᠷ ᠳᠠᠮᠵᠢᠭᠤᠯᠤᠨ᠂ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠮᠡᠳᠡᠭᠦᠯᠦᠯᠲᠡ ᠵᠢ ᠵᠠᠷᠴᠢᠮ᠎ᠤᠨ ᠲᠠᠯ᠎ᠠ᠎ᠪᠠᠷ ᠵᠥᠪᠰᠢᠶᠡᠷᠡᠵᠡᠢ᠃
      ᠲᠤᠰ ᠮᠡᠷᠭᠡᠵᠢᠯ᠎ᠤᠨ ᠮᠡᠳᠡᠭᠦᠯᠦᠯᠲᠡ ᠵᠢ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠤᠭᠤᠬᠤ ᠤᠰᠤᠨ᠎ᠤ ᠤᠰᠤᠨ ᠰᠤᠷᠪᠤᠯᠵᠢ ᠵᠢ ᠬᠠᠮᠠᠭ᠋ᠠᠯᠠᠬᠤ ᠳᠦᠷᠢᠮ》᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠭᠰᠠᠨ ᠶᠤᠮ᠃ ᠲᠡᠷᠡ᠎ᠨᠢ ᠠᠯᠠᠱ᠌ᠠ ᠪᠠᠷᠠᠭᠤᠨ ᠬᠣᠰᠢᠭᠤᠨ᠎ᠤ ᠪᠠᠳᠢ ᠵᠢᠨ ᠵᠢᠷᠠᠨ ᠪᠠᠯᠭ᠋ᠠᠰᠤ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠬᠤᠪᠢᠶᠠᠷᠢᠯᠠᠨ ᠲᠣᠭᠲᠠᠭ᠋ᠠᠬᠤ ᠠᠵᠢᠯ᠎ᠢ ᠲᠦᠷᠭᠡᠳᠬᠡᠨ ᠠᠬᠢᠭᠤᠯᠵᠤ᠂ ᠠᠷᠠᠳ ᠲᠦᠮᠡᠨ᠎ᠤ ᠤᠰᠤ ᠤᠤᠭᠤᠬᠤ ᠠᠮᠤᠷ ᠲᠦᠪᠰᠢᠨ᠎ᠢ ᠪᠠᠲᠤᠯᠠᠬᠤ᠎ᠪᠠᠷ ᠵᠣᠷᠢᠯᠲᠠ᠎ᠪᠠᠨ ᠪᠣᠯᠭ᠋ᠠᠵᠠᠢ᠃
      ᠳᠠᠷᠠᠭ᠋ᠠᠴᠢ ᠵᠢᠨ ᠠᠯᠬᠤᠮ᠎ᠳᠤ᠂ ᠠᠯᠠᠱ᠌ᠠ ᠠᠢ᠌ᠮᠠᠭ᠎ᠠᠴᠠ ᠪᠠᠳᠢ ᠵᠢᠨ ᠵᠢᠷᠠᠨ ᠪᠠᠯᠭ᠋ᠠᠰᠤ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠬᠤᠪᠢᠶᠠᠷᠢᠯᠠᠨ ᠲᠣᠭᠲᠠᠭ᠋ᠠᠬᠤ ᠵᠢᠴᠢ ᠴᠣᠬᠣᠯᠠᠪᠤᠷᠢᠯᠠᠬᠤ ᠵᠢ ᠠᠯᠢ ᠲᠦᠷᠭᠡᠨ ᠵᠶ᠋ᠡᠷ ᠪᠡᠶᠡᠯᠡᠭᠦᠯᠦᠨ᠎ᠡ᠃ ᠤᠰᠤᠨ ᠰᠤᠷᠪᠤᠯᠵᠢ ᠵᠢᠨ ᠣᠷᠣᠨ᠎ᠳᠤ ᠵᠢᠷᠤᠮᠵᠢᠭᠤᠯᠤᠭᠰᠠᠨ ᠪᠠᠢ᠌ᠭᠤᠯᠤᠯᠲᠠ ᠵᠢ ᠬᠡᠷᠡᠭᠵᠢᠭᠦᠯᠦᠨ᠂ ᠲᠣᠣᠷ ᠬᠦᠷᠢᠶ᠎ᠡ ᠲᠠᠲᠠᠨ᠂ ᠲᠡᠮᠳᠡᠭ ᠱᠣᠰᠢᠭ᠎ᠠ ᠲᠣᠬᠢᠷᠠᠭᠤᠯᠬᠤ ᠵᠡᠷᠭᠡ ᠠᠷᠭ᠎ᠠ᠎ᠪᠠᠷ ᠳᠠᠮᠵᠢᠭᠤᠯᠵᠤ᠂ ᠪᠢᠲᠡᠭᠦᠮᠵᠢᠲᠦ ᠴᠢᠨᠠᠷᠲᠠᠢ ᠬᠠᠮᠢᠶᠠᠷᠤᠯᠲᠠ ᠵᠢ ᠬᠡᠷᠡᠭᠵᠢᠭᠦᠯᠬᠦ ᠬᠠᠷᠠᠯᠲᠠ᠎ᠳᠤ ᠬᠦᠷᠴᠦ᠂ ᠤᠤᠭᠤᠬᠤ ᠤᠰᠤᠨ᠎ᠤ ᠤᠰᠤᠨ ᠰᠤᠷᠪᠤᠯᠵᠢ ᠪᠠ ᠤᠰᠤᠨ᠎ᠤ ᠶᠠᠰᠤ ᠴᠢᠨᠠᠷ᠎ᠤᠨ ᠭᠠᠳᠠᠭ᠋ᠠᠳᠤ ᠬᠦᠴᠦᠨ᠎ᠳᠤ ᠨᠥᠯᠥᠭᠡᠯᠡᠭᠳᠡᠬᠦ ᠦᠭᠡᠢ ᠵᠢ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠠᠢ᠌ᠭ᠎ᠠ ᠨᠠᠭᠤᠷ᠎ᠤᠨ ᠤᠰᠤᠨ᠎ᠤ ᠣᠷᠴᠢᠨ ᠲᠣᠭᠣᠷᠢᠨ᠎ᠤ ᠳ᠋ᠠᠢ᠌ᠲ᠋ᠠ ᠵᠢ ᠨᠡᠢ᠌ᠯᠡᠭᠦᠯᠦᠨ ᠨᠢᠭᠡᠳᠬᠡᠵᠦ ᠬᠠᠮᠲᠤ᠎ᠳᠤ᠎ᠪᠠᠨ ᠠᠰᠢᠭᠯᠠᠬᠤ ᠵᠢ ᠢᠳᠡᠪᠬᠢᠲᠡᠢ ᠠᠬᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠬᠥᠯᠥᠨ ᠪᠣᠢ᠌ᠷ᠎ᠤᠨ ᠤᠮᠠᠷᠠᠲᠤ ᠵᠢᠨ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠤ ᠲᠤᠰᠬᠠᠢ ᠵᠦᠢ᠍ᠯ᠎ᠤᠨ ᠬᠢᠨᠠᠯᠲᠠ ᠪᠠᠢ᠌ᠴᠠᠭ᠋ᠠᠯᠲᠠ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠲᠦᠩᠯᠢᠶᠣᠣ ᠬᠣᠲᠠ ᠵᠢᠨ ᠬᠤᠤᠯᠢᠨ ᠭᠣᠣᠯ ᠣᠷᠣᠨ᠎ᠤ ᠴᠠᠬᠢᠯᠭ᠋ᠠᠨ ᠵᠠᠳᠠᠯᠤᠯᠲᠠ ᠵᠢᠨ ᠬᠥᠩᠭᠡᠨᠴᠠᠭ᠋ᠠᠨ᠎ᠤ ᠦᠢ᠍ᠯᠡᠰ᠎ᠤᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠤ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠬᠢᠪᠡ
ᠬᠢᠩᠭ᠋ᠠᠨ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠪᠠᠶᠠᠨᠬᠣᠲᠠ ᠪᠠᠯᠭ᠋ᠠᠰᠤ ᠵᠢᠴᠢ ᠡᠷᠭᠢᠨ ᠲᠣᠭᠣᠷᠢᠨ᠎ᠤ ᠣᠷᠣᠨ ᠪᠦᠰᠡ ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠲᠤᠯᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ
ᠬᠥᠬᠡᠬᠣᠲᠠ ᠪᠣᠬᠢᠷᠲᠤᠯ ᠭᠠᠳᠠᠭᠰᠢᠯᠠᠭᠤᠯᠬᠤ᠎ᠨᠢ ᠬᠢᠷᠢ ᠲᠡᠩᠴᠡᠬᠦ ᠦᠭᠡᠢ ᠵᠠᠮ᠎ᠤᠨ ᠪᠤᠰᠤ ᠰᠢᠯᠵᠢᠭᠡ ᠮᠧᠬᠠᠨᠢᠭ᠎ᠲᠤ 《ᠬᠠᠮᠤᠭ᠎ᠤᠨ ᠠᠩᠬᠠᠨ᠎ᠤ ᠲᠣᠷᠭ᠋ᠠᠭᠤᠯᠢ ᠵᠢᠨ ᠬᠠᠭᠤᠳᠠᠰᠤ》 ᠣᠯᠭᠣᠪᠠ
 
             蒙ICP备05000248号