ᠣᠢ᠌ᠷ᠎ᠠ᠎ᠳᠤ᠂ ᠬᠢᠩᠭ᠋ᠠᠨ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 《ᠪᠠᠶᠠᠨᠬᠣᠲᠠ ᠵᠢᠴᠢ ᠡᠷᠭᠢᠨ ᠲᠣᠭᠣᠷᠢᠨ᠎ᠤ ᠣᠷᠣᠨ ᠪᠦᠰᠡ ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠲᠤᠯᠠᠬᠤ ᠠᠵᠢᠯ᠎ᠤᠨ ᠲᠥᠰᠥᠯ (2019 ᠣᠨ)》᠎ᠢ ᠲᠣᠭᠲᠠᠭ᠋ᠠᠨ᠂ ᠪᠠᠶᠠᠨᠬᠣᠲᠠ ᠪᠠᠯᠭ᠋ᠠᠰᠤ ᠵᠢᠴᠢ ᠡᠷᠭᠢᠨ ᠲᠣᠭᠣᠷᠢᠨ᠎ᠤ ᠣᠷᠣᠨ ᠪᠦᠰᠡ ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠲᠤᠯᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠠᠶᠠᠨᠬᠣᠲᠠ ᠪᠠᠯᠭ᠋ᠠᠰᠤ ᠵᠢᠴᠢ ᠡᠷᠭᠢᠨ ᠲᠣᠭᠣᠷᠢᠨ᠎ᠤ ᠣᠷᠣᠨ ᠪᠦᠰᠡ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠪᠣᠬᠢᠷᠲᠤᠯ᠎ᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠲᠦᠷᠭᠡᠳᠬᠡᠨ ᠠᠬᠢᠭᠤᠯᠵᠤ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠪᠠ᠃
ᠲᠤᠰ ᠵᠦᠢ᠍ᠯ᠎ᠤᠨ ᠠᠵᠢᠯ᠎ᠨᠢ ᠭᠣᠣᠯᠳᠠᠯᠭ᠎ᠠ᠎ᠲᠠᠢ᠎ᠪᠠᠷ ᠲᠡᠭᠡᠭᠡᠪᠦᠷᠢ ᠵᠢᠨ ᠵᠠᠮ᠂ ᠡᠳ᠋ ᠮᠠᠲ᠋ᠧᠷᠢᠶᠠᠯ ᠣᠪᠣᠭ᠋ᠠᠯᠠᠬᠤ ᠲᠠᠯᠠᠪᠤᠷ ᠵᠢᠴᠢ ᠪᠠᠷᠢᠯᠭ᠎ᠠ ᠵᠢᠨ ᠭᠠᠵᠠᠷ᠎ᠤᠨ ᠳᠡᠭᠳᠡᠮᠡᠯ ᠲᠣᠭᠣᠰᠣ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢᠨ ᠲᠣᠭᠣᠷᠢᠨ᠎ᠳᠤ᠂ ᠮᠠᠰᠢᠨ ᠲᠡᠷᠭᠡᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠠᠵᠤ ᠦᠢ᠍ᠯᠡᠳᠪᠦᠷᠢ ᠵᠢᠨ ᠪᠣᠬᠢᠷᠲᠤᠯ᠎ᠤᠨ ᠰᠤᠷᠪᠤᠯᠵᠢ ᠵᠢ ᠵᠠᠰᠠᠬᠤ᠂ ᠢᠳᠡᠭᠡᠨ ᠤᠮᠳᠠᠭ᠋ᠠᠨ ᠵᠢᠴᠢ ᠵᠠᠳᠠᠭ᠋ᠠᠢ ᠱᠣᠷᠣᠯᠭᠠ ᠵᠢᠨ ᠲᠣᠰᠣᠨ ᠤᠲᠤᠭ᠎ᠠ ᠵᠢ ᠵᠠᠰᠠᠬᠤ᠂ ᠬᠠᠶᠠᠭᠳᠠᠮᠠᠯ ᠡᠳ᠋᠎ᠢ ᠭᠠᠯᠳᠠᠨ ᠰᠢᠲᠠᠭ᠋ᠠᠬᠤ᠂ ᠨᠡᠭᠦᠷᠡᠰᠦ ᠲᠦᠯᠡᠬᠦ ᠪᠣᠬᠢᠷᠲᠤᠯ᠎ᠢ ᠶᠡᠷᠦᠩᠬᠡᠢ᠌ᠯᠡᠨ ᠵᠠᠰᠠᠬᠤ ᠵᠢᠴᠢ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ (VOCS)᠎ᠢ ᠵᠠᠰᠠᠬᠤ ᠵᠡᠷᠭᠡ ᠳᠣᠯᠣᠭ᠋ᠠᠨ ᠲᠠᠯ᠎ᠠ᠎ᠪᠠᠷ ᠲᠤᠰᠬᠠᠢ ᠵᠦᠢ᠍ᠯ᠎ᠤᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠪᠡ᠃ ᠲᠤᠰ ᠤᠳᠠᠭ᠋ᠠᠨ᠎ᠤ ᠲᠤᠰᠬᠠᠢ ᠵᠦᠢ᠍ᠯ᠎ᠤᠨ ᠴᠡᠭᠴᠡᠯᠡᠨ ᠵᠠᠰᠠᠬᠤ ᠠᠵᠢᠯ᠎ᠢ ᠤᠷᠤᠭᠰᠢᠲᠠᠢ ᠥᠷᠨᠢᠭᠦᠯᠬᠦ ᠵᠢ ᠪᠠᠲᠤᠯᠠᠬᠤ ᠵᠢᠨ ᠲᠤᠰᠠᠳᠠ᠂ ᠠᠢ᠌ᠮᠠᠭ᠂ ᠬᠣᠰᠢᠭᠤ ᠬᠣᠶᠠᠷ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠵᠢᠴᠢ ᠠᠯᠠᠱ᠌ᠠ ᠵᠡᠭᠦᠨ ᠬᠣᠰᠢᠭᠤᠨ᠎ᠤ ᠬᠠᠮᠢᠶ᠎ᠠ ᠪᠦᠬᠦᠢ ᠡᠯ᠎ᠡ ᠰᠠᠯᠠᠭ᠎ᠠ ᠮᠥᠴᠢᠷ᠎ᠠᠴᠠ ᠲᠤᠰᠬᠠᠢ ᠵᠦᠢ᠍ᠯ᠎ᠤᠨ ᠴᠡᠭᠴᠡᠯᠡᠨ ᠵᠠᠰᠠᠬᠤ ᠠᠵᠢᠯ᠎ᠤᠨ ᠳᠤᠭᠤᠢ᠌ᠯᠠᠩ᠎ᠢ ᠪᠠᠢ᠌ᠭᠤᠯᠤᠨ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠢ ᠰᠠᠢ᠌ᠲᠤᠷ ᠬᠢᠵᠦ᠂ ᠰᠠᠯᠠᠭ᠎ᠠ ᠮᠥᠴᠢᠷ᠎ᠤᠳ᠎ᠤᠨ ᠬᠣᠭᠣᠷᠣᠨᠳᠤ᠎ᠪᠠᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠲᠤᠭᠤᠰᠢᠲᠠᠢ ᠨᠠᠢ᠌ᠳᠠᠪᠤᠷᠢᠵᠢᠭᠤᠯᠤᠨ᠂ ᠪᠠᠶᠠᠨᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠮᠡᠳᠡᠭᠳᠡᠮ᠎ᠡ ᠳᠡᠭᠡᠭᠰᠢᠯᠡᠭᠦᠯᠦᠨ ᠰᠠᠢ᠌ᠵᠢᠷᠠᠭᠤᠯᠬᠤ ᠵᠢ ᠪᠠᠲᠤᠯᠠᠬᠤ᠎ᠪᠠᠷ ᠲᠥᠯᠥᠪᠯᠡᠵᠦ ᠪᠠᠢ᠌ᠨ᠎ᠠ᠃