ᠲᠦᠩᠯᠢᠶᠣᠣ ᠬᠣᠲᠠ ᠵᠢᠨ ᠬᠤᠤᠯᠢᠨ ᠭᠣᠣᠯ ᠣᠷᠣᠨ᠎ᠤ ᠴᠠᠬᠢᠯᠭ᠋ᠠᠨ ᠵᠠᠳᠠᠯᠤᠯᠲᠠ ᠵᠢᠨ ᠬᠥᠩᠭᠡᠨᠴᠠᠭ᠋ᠠᠨ᠎ᠤ ᠦᠢ᠍ᠯᠡᠰ᠎ᠲᠠᠬᠢ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠰᠢᠯᠭ᠋ᠠᠨ ᠬᠤᠷᠢᠶᠠᠵᠤ ᠠᠪᠬᠤ ᠠᠵᠢᠯ᠎ᠢ ᠰᠠᠢ᠌ᠲᠤᠷ ᠬᠢᠬᠦ ᠵᠢᠨ ᠲᠤᠰᠠᠳᠠ᠂ 《ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ᠎ᠳᠤ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠥᠭᠡᠷᠡᠴᠢᠯᠡᠬᠦ ᠠᠵᠢᠯ᠎ᠤᠨ ᠬᠠᠷᠢᠭᠤᠴᠠᠯᠭ᠎ᠠ ᠵᠢ ᠬᠤᠪᠢᠶᠠᠷᠢᠯᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠮᠡᠳᠡᠭᠳᠡᠯ》᠎ᠢ ᠦᠨᠳᠦᠰᠦᠯᠡᠨ᠂ ᠥᠪᠥᠷ ᠮᠣᠩᠭᠣᠯ᠎ᠤᠨ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ 2019 ᠣᠨ᠎ᠤ 3 ᠳ᠋ᠤᠭ᠋ᠠᠷ ᠰᠠᠷ᠎ᠠ ᠵᠢᠨ 20 — 21᠎ᠤ ᠡᠳᠦᠷ᠂ ᠴᠡᠭᠴᠡᠯᠡᠨ ᠥᠭᠡᠷᠡᠴᠢᠯᠡᠬᠦ ᠬᠠᠮᠢᠶ᠎ᠠ ᠪᠦᠬᠦᠢ ᠮᠠᠲ᠋ᠧᠷᠢᠶᠠᠯ᠎ᠢ ᠤᠷᠪᠠᠭᠤᠯᠤᠨ ᠦᠵᠡᠬᠦ᠂ ᠲᠤᠬᠠᠢ ᠵᠢᠨ ᠲᠠᠯᠠᠪᠤᠷ᠎ᠲᠤ ᠪᠠᠢ᠌ᠴᠠᠭ᠋ᠠᠯᠲᠠ ᠬᠢᠬᠦ ᠠᠷᠭ᠎ᠠ ᠬᠡᠯᠪᠡᠷᠢ᠎ᠪᠠᠷ᠂ ᠲᠦᠩᠯᠢᠶᠣᠣ ᠬᠣᠲᠠ ᠵᠢᠨ ᠬᠤᠤᠯᠢᠨ ᠭᠣᠣᠯ ᠣᠷᠣᠨ᠎ᠤ ᠴᠠᠬᠢᠯᠭ᠋ᠠᠨ ᠵᠠᠳᠠᠯᠤᠯᠲᠠ ᠵᠢᠨ ᠬᠥᠩᠭᠡᠨᠴᠠᠭ᠋ᠠᠨ᠎ᠤ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠤ ᠰᠢᠮᠳᠠᠭᠤᠯᠤᠨ ᠪᠠᠢ᠌ᠴᠠᠭ᠋ᠠᠯᠲᠠ ᠬᠢᠵᠡᠢ᠃
ᠥᠪᠡᠷᠲᠡᠭᠡᠨ ᠵᠠᠰᠠᠬᠤ ᠣᠷᠣᠨ᠎ᠤ 《ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ᠎ᠳᠤ ᠬᠠᠷᠢᠭᠤ ᠲᠤᠰᠬᠠᠭᠰᠠᠨ ᠰᠠᠨᠠᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠴᠡᠭᠴᠡᠯᠡᠨ ᠥᠭᠡᠷᠡᠴᠢᠯᠡᠬᠦ ᠲᠥᠰᠥᠯ》᠎ᠤᠨ ᠱᠠᠭ᠋ᠠᠷᠳᠠᠯᠭ᠎ᠠ ᠶᠣᠰᠣᠭ᠋ᠠᠷ᠂ ᠲᠦᠩᠯᠢᠶᠣᠣ ᠬᠣᠲᠠ ᠵᠢᠨ ᠵᠠᠰᠠᠭ᠎ᠤᠨ ᠣᠷᠳᠣᠨ᠎ᠠᠴᠠ ᠬᠣᠲᠠ ᠵᠢᠨ ᠳᠠᠷᠤᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠨ᠂ ᠬᠣᠲᠠ ᠵᠢᠨ ᠬᠠᠮᠢᠶ᠎ᠠ ᠪᠦᠬᠦᠢ ᠳᠡᠳ᠋ ᠳᠠᠷᠤᠭ᠎ᠠ᠎ᠪᠠᠷ ᠳᠤᠭᠤᠢ᠌ᠯᠠᠩ᠎ᠤᠨ ᠳᠡᠳ᠋ ᠳᠠᠷᠤᠭ᠎ᠠ ᠪᠣᠯᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠤᠳᠤᠷᠢᠳᠤᠯᠭ᠎ᠠ᠎ᠪᠠᠷ ᠭᠡᠰᠢᠭᠦᠨ ᠪᠣᠯᠭ᠋ᠠᠭᠰᠠᠨ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ 《ᠲᠦᠩᠯᠢᠶᠣᠣ ᠵᠢᠨ ᠤᠮᠠᠷᠠᠲᠤ ᠬᠡᠰᠡᠭ ᠣᠷᠣᠨ᠎ᠤ ᠹᠯᠣᠷᠲᠤ ᠡᠳ᠋᠎ᠤᠨ ᠪᠣᠬᠢᠷᠲᠤᠯ᠎ᠤᠨ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠬᠡᠷᠡᠭᠵᠢᠭᠦᠯᠬᠦ ᠲᠥᠰᠥᠯ》᠎ᠢ ᠲᠣᠭᠲᠠᠭ᠋ᠠᠨ᠂ 《ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠥᠯᠥᠪᠵᠢᠭᠦᠯᠭᠡ ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ》 ᠵᠢ ᠨᠠᠢ᠌ᠳᠠᠨ ᠨᠠᠢ᠌ᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠪᠠ᠃ ᠣᠳᠣᠬᠠᠨ᠎ᠳᠤ᠂ ᠴᠠᠬᠢᠯᠭ᠋ᠠᠨ ᠵᠠᠳᠠᠯᠤᠯᠲᠠ ᠵᠢᠨ ᠬᠥᠩᠭᠡᠨᠴᠠᠭ᠋ᠠᠨ᠎ᠤ ᠡᠯ᠎ᠡ ᠠᠵᠤ ᠠᠬᠤᠢ᠌ᠯᠠᠯ᠎ᠤᠨ᠎ᠬᠢᠨ ᠨᠢᠭᠡᠨᠲᠡ ᠨᠡᠭᠦᠷᠡᠰᠦ ᠴᠠᠬᠢᠯᠭ᠋ᠠᠨ ᠬᠥᠩᠭᠡᠨᠴᠠᠭ᠋ᠠᠨ ᠤᠲᠤᠭ᠎ᠠ ᠠᠭᠤᠷ᠎ᠤᠨ ᠪᠣᠬᠢᠷᠲᠤᠯ ᠡᠳ᠋᠎ᠢ ᠬᠡᠳᠦ ᠳᠣᠣᠷ᠎ᠠ ᠬᠡᠮᠵᠢᠶ᠎ᠡ᠎ᠪᠠᠷ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠦᠨᠳᠦᠰᠦᠨ᠎ᠳᠤ᠎ᠪᠠᠨ ᠪᠠᠢ᠌ᠭᠤᠯᠤᠭᠰᠠᠨ᠎ᠤ ᠬᠠᠮᠲᠤ ᠵᠥᠭᠡᠭᠡᠪᠦᠷᠢᠯᠡᠯᠲᠡ᠎ᠳᠤ ᠣᠷᠣᠭᠤᠯᠵᠤ᠂ ᠴᠠᠬᠢᠯᠭ᠋ᠠᠨ ᠵᠠᠳᠠᠯᠤᠯᠲᠠ ᠵᠢᠨ ᠬᠥᠩᠭᠡᠨᠴᠠᠭ᠋ᠠᠨ᠎ᠤ ᠪᠣᠬᠢᠷᠲᠤᠯ ᠡᠳ᠋᠎ᠤᠨ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠡᠬᠢ ᠢᠷᠡᠯᠲᠡ᠎ᠠᠴᠠ᠎ᠨᠢ ᠪᠠᠭ᠋ᠠᠰᠬᠠᠵᠤ᠂ ᠬᠤᠤᠯᠢᠨ ᠭᠣᠣᠯ ᠣᠷᠣᠨ᠎ᠤ ᠴᠠᠬᠢᠯᠭ᠋ᠠᠨ ᠵᠠᠳᠠᠯᠤᠯᠲᠠ ᠵᠢᠨ ᠬᠥᠩᠭᠡᠨᠴᠠᠭ᠋ᠠᠨ᠎ᠤ ᠠᠵᠤ ᠦᠢ᠍ᠯᠡᠰ᠎ᠤᠨ ᠡᠷᠭᠢᠨ ᠲᠣᠭᠣᠷᠢᠨ᠎ᠤ ᠠᠮᠢ ᠠᠬᠤᠢ ᠵᠢᠨ ᠣᠷᠴᠢᠨ ᠲᠣᠭᠣᠷᠢᠨ᠎ᠳᠠᠬᠢ ᠨᠥᠯᠥᠭᠡᠯᠡᠯ᠎ᠢ ᠤᠯᠠᠮ ᠨᠢᠭᠡ ᠠᠯᠬᠤᠮ ᠪᠠᠭ᠋ᠠᠰᠬᠠᠵᠠᠢ᠃
ᠳᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠲᠦᠩᠯᠢᠶᠣᠣ ᠬᠣᠲᠠ ᠵᠢᠨ ᠬᠤᠤᠯᠢᠨ ᠭᠣᠣᠯ ᠣᠷᠣᠨ᠎ᠤ ᠴᠠᠬᠢᠯᠭ᠋ᠠᠨ ᠵᠠᠳᠠᠯᠤᠯᠲᠠ ᠵᠢᠨ ᠬᠥᠩᠭᠡᠨᠴᠠᠭ᠋ᠠᠨ᠎ᠤ ᠠᠵᠤ ᠦᠢ᠍ᠯᠡᠰ᠎ᠤᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ᠎ᠤ ᠳᠠᠷᠠᠭ᠋ᠠᠬᠢ ᠬᠢᠨᠠᠨ ᠪᠠᠢ᠌ᠴᠠᠭ᠋ᠠᠬᠤ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠠᠵᠤ ᠠᠬᠤᠢ᠌ᠯᠠᠯ᠎ᠢ ᠰᠢᠮᠳᠠᠭᠤᠯᠤᠨ ᠡᠭᠦᠷᠭᠡ ᠲᠤᠰᠢᠶᠠᠯ ᠵᠶ᠋ᠠᠨ ᠬᠢᠨᠠᠮᠠᠭ᠋ᠠᠢ ᠭᠦᠢ᠍ᠴᠡᠳᠬᠡᠵᠦ᠂ ᠴᠡᠭᠴᠡᠯᠡᠨ ᠥᠭᠡᠷᠡᠴᠢᠯᠡᠬᠦ ᠠᠵᠢᠯ᠎ᠤᠨ ᠡᠭᠦᠷᠭᠡ ᠵᠢ ᠦᠷᠭᠦᠯᠵᠢᠯᠡᠨ ᠨᠠᠢ᠌ᠳᠠᠪᠤᠷᠢᠵᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠲᠣᠭᠲᠠᠭᠤᠨ ᠵᠶ᠋ᠠᠷ ᠰᠠᠢ᠌ᠵᠢᠷᠠᠭᠤᠯᠬᠤ ᠵᠢ ᠴᠢᠷᠮᠠᠢ᠌ᠨ ᠪᠠᠲᠤᠯᠠᠵᠤ᠂ ᠭᠠᠵᠠᠷ ᠣᠷᠣᠨ᠎ᠤ ᠣᠷᠴᠢᠨ ᠲᠣᠭᠣᠷᠢᠨ᠎ᠤ ᠲᠣᠪᠣᠢ᠌ᠮ᠎ᠠ ᠵᠥᠷᠢᠴᠡᠯ᠎ᠢ ᠪᠦᠲᠦᠮᠵᠢᠲᠡᠢ ᠬᠣᠷᠢᠭᠯᠠᠨ᠎ᠠ᠃