ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠬᠥᠯᠥᠨ ᠪᠣᠢ᠌ᠷ᠎ᠤᠨ ᠤᠮᠠᠷᠠᠲᠤ ᠵᠢᠨ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠤ ᠲᠤᠰᠬᠠᠢ ᠵᠦᠢ᠍ᠯ᠎ᠤᠨ ᠬᠢᠨᠠᠯᠲᠠ ᠪᠠᠢ᠌ᠴᠠᠭ᠋ᠠᠯᠲᠠ ᠬᠢᠪᠡ
ᠨᠡᠶ᠋ᠢᠲᠡᠯᠡᠭᠰᠡᠨ ᠴᠠᠭ᠄ 2019-04-03

      ᠬᠥᠯᠥᠨ ᠪᠣᠢ᠌ᠷ᠎ᠤᠨ ᠤᠮᠠᠷᠠᠲᠤ ᠵᠢᠨ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ᠎ᠳᠠᠬᠢ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠰᠢᠯᠭ᠋ᠠᠨ ᠬᠤᠷᠢᠶᠠᠵᠤ ᠠᠪᠬᠤ ᠠᠵᠢᠯ᠎ᠢ ᠰᠠᠢ᠌ᠲᠤᠷ ᠬᠢᠬᠦ ᠵᠢᠨ ᠲᠤᠰᠠᠳᠠ᠂ 《ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ᠎ᠳᠤ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠥᠭᠡᠷᠡᠴᠢᠯᠡᠬᠦ ᠠᠵᠢᠯ᠎ᠤᠨ ᠬᠠᠷᠢᠭᠤᠴᠠᠯᠭ᠎ᠠ ᠵᠢ ᠬᠤᠪᠢᠶᠠᠷᠢᠯᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠮᠡᠳᠡᠭᠳᠡᠯ》᠎ᠢ ᠦᠨᠳᠦᠰᠦᠯᠡᠨ᠂ ᠥᠪᠥᠷ ᠮᠣᠩᠭᠣᠯ᠎ᠤᠨ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ 2019 ᠣᠨ᠎ᠤ 3 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 3 ᠳ᠋ᠤᠭ᠋ᠠᠷ ᠰᠠᠷ᠎ᠠ ᠵᠢᠨ 20᠎ᠤ ᠡᠳᠦᠷ ᠪᠣᠯᠲᠠᠯ᠎ᠠ ᠬᠥᠯᠥᠨ ᠪᠣᠢ᠌ᠷ᠎ᠤᠨ ᠤᠮᠠᠷᠠᠲᠤ ᠵᠢᠨ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠤ ᠬᠢᠨᠠᠯᠲᠠ ᠪᠠᠢ᠌ᠴᠠᠭ᠋ᠠᠯᠲᠠ ᠥᠷᠨᠢᠭᠦᠯᠵᠡᠢ᠃
      ᠲᠤᠰ ᠤᠳᠠᠭ᠋ᠠᠨ᠎ᠤ ᠬᠢᠨᠠᠨ ᠪᠠᠢ᠌ᠴᠠᠭ᠋ᠠᠬᠤ ᠠᠵᠢᠯ᠎ᠳᠤ ᠴᠢᠭᠯᠡᠭᠦᠯᠦᠨ᠂ ᠥᠪᠥᠷ ᠮᠣᠩᠭᠣᠯ᠎ᠤᠨ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠨᠡᠢ᠌ᠲᠡ 40 ᠭᠠᠷᠤᠢ ᠬᠤᠪᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠪᠠᠢ᠌ᠴᠠᠭ᠋ᠠᠨ ᠦᠵᠡᠵᠦ᠂ ᠤᠷᠢᠳ ᠬᠣᠵᠢᠳ ᠬᠥᠯᠥᠨ ᠪᠣᠢ᠌ᠷ᠎ᠤᠨ ᠤᠮᠠᠷᠠᠲᠤ ᠵᠢᠨ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ᠂ ᠶᠠᠭᠰᠢ ᠬᠣᠲᠠ ᠵᠢᠨ ᠱᠧᠩ ᠯᠢ ᠶᠤᠸᠠᠨ ᠪᠣᠷᠳᠣᠭ᠋ᠠᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠪᠠ ᠶᠠᠭᠰᠢ ᠬᠣᠲᠠ ᠵᠢᠨ ᠡᠾᠦ᠋ᠩ ᠴᠧᠩ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠡᠳ᠋᠎ᠢ ᠪᠤᠯᠠᠬᠤ ᠲᠠᠯᠠᠪᠤᠷ᠎ᠳᠤ ᠬᠦᠷᠴᠦ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠵᠦ᠂ ᠤᠮᠠᠷᠠᠲᠤ ᠵᠢᠨ ᠡᠮ᠎ᠤᠨ ᠦᠢ᠍ᠯᠡᠰ᠎ᠤᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠬᠦ ᠠᠵᠢᠯ᠎ᠤᠨ ᠪᠣᠳᠠᠲᠠᠢ ᠠᠬᠢᠯᠲᠠ ᠵᠢᠨ ᠪᠠᠢ᠌ᠳᠠᠯ᠎ᠢ ᠡᠵᠡᠮᠰᠢᠪᠡ᠃ ᠲᠤᠬᠠᠢ ᠵᠢᠨ ᠲᠠᠯᠠᠪᠤᠷ᠎ᠲᠤ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂ ᠥᠪᠥᠷ ᠮᠣᠩᠭᠣᠯ᠎ᠤᠨ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠨᠢᠭᠡᠨᠲᠡ ᠠᠵᠤ ᠠᠬᠤᠢ᠌ᠯᠠᠯ᠎ᠢ ᠰᠢᠮᠳᠠᠭᠤᠯᠤᠨ ᠴᠠᠭ ᠲᠤᠬᠠᠢ᠎ᠳᠤ᠎ᠨᠢ ᠨᠠᠢ᠌ᠳᠠᠪᠤᠷᠢᠵᠢᠭᠤᠯᠤᠨ ᠴᠡᠭᠴᠡᠯᠡᠨ ᠥᠭᠡᠷᠡᠴᠢᠯᠡᠵᠦ᠂ ᠣᠷᠴᠢᠨ ᠲᠣᠭᠣᠷᠢᠨ᠎ᠤ ᠬᠣᠯᠪᠣᠭᠳᠠᠯ ᠪᠦᠬᠦᠢ ᠠᠰᠠᠭᠤᠳᠠᠯ᠎ᠢ ᠵᠦᠢ ᠵᠣᠬᠢᠰᠲᠠᠢ᠎ᠪᠠᠷ ᠰᠢᠢ᠍ᠳᠪᠦᠷᠢᠯᠡᠬᠦ ᠵᠢ ᠪᠠᠲᠤᠯᠠᠵᠠᠢ᠃
      ᠳᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠬᠥᠯᠥᠨ ᠪᠣᠢ᠌ᠷ᠎ᠤᠨ ᠤᠮᠠᠷᠠᠲᠤ ᠵᠢᠨ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ᠎ᠤ ᠳᠠᠷᠠᠭ᠋ᠠᠬᠢ ᠬᠢᠨᠠᠨ ᠪᠠᠢ᠌ᠴᠠᠭ᠋ᠠᠬᠤ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠣᠷᠣᠨ ᠨᠤᠲᠤᠭ᠎ᠤᠨ ᠵᠠᠰᠠᠭ᠎ᠤᠨ ᠣᠷᠣᠨ ᠵᠢᠴᠢ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠰᠢᠮᠳᠠᠭᠤᠯᠵᠤ ᠪᠠᠢ᠌ᠭ᠋ᠠᠳ ᠠᠵᠤ ᠠᠬᠤᠢ᠌ᠯᠠᠯ᠎ᠳᠠᠬᠢ ᠬᠢᠨᠠᠨ ᠪᠠᠢ᠌ᠴᠠᠭ᠋ᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠠᠵᠤ ᠠᠬᠤᠢ᠌ᠯᠠᠯ᠎ᠢ ᠱᠠᠭ᠋ᠠᠷᠳᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠬᠢᠨᠠᠮᠠᠭ᠋ᠠᠢ ᠭᠦᠢ᠍ᠴᠡᠳᠬᠡᠯᠭᠡᠵᠦ᠂ ᠴᠡᠭᠴᠡᠯᠡᠨ ᠥᠭᠡᠷᠡᠴᠢᠯᠡᠬᠦ ᠠᠵᠢᠯ᠎ᠢ ᠲᠤᠭᠤᠰᠢᠲᠠᠢ ᠨᠠᠢ᠌ᠳᠠᠪᠤᠷᠢᠵᠢᠭᠤᠯᠬᠤ ᠵᠢ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠲᠦᠩᠯᠢᠶᠣᠣ ᠬᠣᠲᠠ ᠵᠢᠨ ᠬᠤᠤᠯᠢᠨ ᠭᠣᠣᠯ ᠣᠷᠣᠨ᠎ᠤ ᠴᠠᠬᠢᠯᠭ᠋ᠠᠨ ᠵᠠᠳᠠᠯᠤᠯᠲᠠ ᠵᠢᠨ ᠬᠥᠩᠭᠡᠨᠴᠠᠭ᠋ᠠᠨ᠎ᠤ ᠦᠢ᠍ᠯᠡᠰ᠎ᠤᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠤ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠬᠢᠪᠡ
ᠬᠢᠩᠭ᠋ᠠᠨ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠪᠠᠶᠠᠨᠬᠣᠲᠠ ᠪᠠᠯᠭ᠋ᠠᠰᠤ ᠵᠢᠴᠢ ᠡᠷᠭᠢᠨ ᠲᠣᠭᠣᠷᠢᠨ᠎ᠤ ᠣᠷᠣᠨ ᠪᠦᠰᠡ ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠲᠤᠯᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ
ᠬᠥᠬᠡᠬᠣᠲᠠ ᠪᠣᠬᠢᠷᠲᠤᠯ ᠭᠠᠳᠠᠭᠰᠢᠯᠠᠭᠤᠯᠬᠤ᠎ᠨᠢ ᠬᠢᠷᠢ ᠲᠡᠩᠴᠡᠬᠦ ᠦᠭᠡᠢ ᠵᠠᠮ᠎ᠤᠨ ᠪᠤᠰᠤ ᠰᠢᠯᠵᠢᠭᠡ ᠮᠧᠬᠠᠨᠢᠭ᠎ᠲᠤ 《ᠬᠠᠮᠤᠭ᠎ᠤᠨ ᠠᠩᠬᠠᠨ᠎ᠤ ᠲᠣᠷᠭ᠋ᠠᠭᠤᠯᠢ ᠵᠢᠨ ᠬᠠᠭᠤᠳᠠᠰᠤ》 ᠣᠯᠭᠣᠪᠠ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ᠎ᠤ ᠥᠪᠥᠷ ᠮᠣᠩᠭᠣᠯ᠎ᠳᠤ ᠰᠠᠭᠤᠭ᠎ᠠ ᠰᠤᠷᠪᠤᠯᠵᠢᠯᠠᠭᠴᠢ ᠵᠢᠨ ᠥᠷᠲᠡᠭᠡ ᠵᠢᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠵᠦ ᠦᠨᠳᠦᠰᠦᠨ ᠱᠠᠲᠤᠨ᠎ᠳᠤ ᠭᠦᠨᠵᠡᠭᠡᠢ᠌ᠷᠡᠨ ᠰᠤᠷᠪᠤᠯᠵᠢᠯᠠᠨ ᠮᠡᠳᠡᠭᠡᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2018 ᠣᠨ᠎ᠤ ᠲᠢᠩᠬᠢᠮ᠎ᠤᠨ ᠰᠢᠰᠲ᠋ᠧᠮ᠎ᠤᠨ᠎ᠬᠢᠨ᠎ᠤ ᠰᠢᠯᠭ᠋ᠠᠨ ᠬᠢᠨᠠᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
 
             蒙ICP备05000248号