ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠠᠢ᠌ᠯᠤᠮᠵᠢ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2019-03-15

        ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠤᠨ ᠭᠡᠰᠢᠭᠦᠳ᠎ᠤᠨ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠤᠯᠠᠮ ᠨᠢᠭᠡ ᠠᠯᠬᠤᠮ ᠯᠠᠪᠳᠠᠭᠤᠨ ᠪᠣᠳᠠᠲᠠᠢ ᠪᠣᠢ ᠪᠣᠯᠭ᠋ᠠᠵᠤ᠂ ᠤᠯᠤᠰ᠎ᠤᠨ ᠠᠮᠤᠷ ᠲᠦᠪᠰᠢᠨ᠎ᠤ ᠦᠵᠡᠯᠲᠡ ᠵᠢ᠎ᠨᠢ ᠴᠢᠩᠭ᠋ᠠᠷᠠᠭᠤᠯᠬᠤ ᠵᠢᠨ ᠲᠤᠰᠠᠳᠠ᠂ 3 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠠᠢ᠌ᠯᠤᠮᠵᠢ ᠵᠢ ᠡᠷᠬᠢᠯᠡᠵᠦ᠂ ᠲᠥᠪ᠎ᠤᠨ ᠨᠠᠮ᠎ᠤᠨ ᠰᠤᠷᠭ᠋ᠠᠭᠤᠯᠢ ᠵᠢᠨ ᠫᠷᠣᠹᠧᠰᠰᠣᠷ ᠵᠠᠩ ᠱ᠌ᠢ ᠷᠦᠩ᠎ᠢ ᠤᠷᠢᠵᠤ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠤᠰᠬᠠᠢ ᠰᠡᠳᠦᠪᠲᠦ ᠲᠠᠢ᠌ᠯᠤᠮᠵᠢ ᠬᠢᠯᠭᠡᠵᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠳ᠋ᠦ᠋ ᠵᠢᠶᠦ᠋ᠨ ᠹᠧᠩ ᠲᠠᠢ᠌ᠯᠤᠮᠵᠢ ᠵᠢ ᠡᠷᠬᠢᠯᠡᠪᠡ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠪᠦᠬᠦ ᠨᠠᠮ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠨᠠᠮ᠎ᠤᠨ ᠭᠡᠰᠢᠭᠦᠨ ᠥᠪᠡᠷᠲᠡᠭᠡᠨ ᠵᠠᠰᠠᠬᠤ ᠣᠷᠣᠨ᠎ᠤ ᠭᠣᠣᠯ ᠬᠤᠷᠠᠯ᠎ᠤᠨ ᠲᠠᠯᠠᠪᠤᠷ᠎ᠲᠤ ᠲᠠᠢ᠌ᠯᠤᠮᠵᠢ ᠵᠢ ᠰᠣᠨᠣᠰᠤᠨ᠂ ᠡᠯ᠎ᠡ ᠠᠢ᠌ᠮᠠᠭ ᠬᠣᠲᠠ ᠪᠠ ᠮᠠᠨᠵᠤᠤᠷ ᠬᠣᠲᠠ᠂ ᠡᠷᠢᠶᠡᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠤᠳᠤᠷᠢᠳᠬᠤ ᠪᠠᠭ᠎ᠤᠨ ᠭᠡᠰᠢᠭᠦᠳ᠂ ᠪᠠᠢ᠌ᠭᠤᠯᠭ᠎ᠠ᠂ ᠬᠣᠶᠠᠳᠤᠭ᠋ᠠᠷ ᠱᠠᠲᠤᠨ᠎ᠤ ᠨᠢᠭᠡᠴᠢ᠂ ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠨᠠᠮ᠎ᠤᠨ ᠭᠡᠰᠢᠭᠦᠨ ᠠᠢ᠌ᠮᠠᠭ ᠬᠣᠲᠠ ᠵᠢᠨ ᠰᠠᠯᠪᠤᠷᠢ ᠬᠤᠷᠠᠯ᠎ᠤᠨ ᠲᠠᠯᠠᠪᠤᠷ᠎ᠲᠤ ᠲᠠᠢ᠌ᠯᠤᠮᠵᠢ ᠵᠢ ᠰᠣᠨᠣᠰᠴᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠡᠷ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠰᠤᠷᠤᠯᠴᠠᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠪᠠ
ᠲᠦᠪ᠎ᠤᠨ ᠤᠷᠴᠢᠨ ᠲᠤᠭᠤᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠍ᠢ᠍ᠴᠠᠭ᠋ᠠᠯᠳᠠ ᠪᠠ 《ᠪᠤᠴᠠᠵᠤ ᠪᠠᠢ᠍ᠢ᠍ᠴᠠᠭ᠋ᠠᠨ ᠦᠵᠡᠬᠦ》᠎ᠳᠤ ᠬᠠᠷᠢᠭᠤ ᠳᠤᠰᠬᠠᠬᠰᠠᠨ ᠠᠰᠠᠭᠤᠳᠠᠯ᠎ᠢ ᠴᠡᠭᠴᠡᠯᠡᠨ ᠦᠬᠡᠷᠡᠴᠢᠯᠡᠬᠦ ᠠᠵᠢᠯ᠎ᠢ ᠬᠦᠴᠤᠳᠠᠢ ᠠᠬᠢᠭᠤᠯᠵᠤ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ᠎ᠠᠴᠠ 《ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠡᠳᠦᠷ》᠎ᠤᠨ ᠪᠤᠩᠬᠤᠨ ᠱᠦᠭᠦᠷᠳᠡᠨ ᠳᠠᠬᠢᠬᠤ ᠠᠵᠢᠯᠯᠠᠭ᠎ᠠ ᠥᠷᠨᠢᠭᠦᠯᠵᠦ ᠦᠷᠡᠭᠳᠡᠭᠰᠡᠨ ᠪᠠᠭ᠋ᠠᠲᠤᠷᠴᠤᠳ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ ᠪᠠᠢ᠌ᠨ᠎ᠠ
ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠰᠢᠨ᠎ᠡ ᠠᠷᠭ᠎ᠠ ᠬᠡᠮᠵᠢᠶ᠎ᠡ ᠵᠢ ᠬᠡᠷᠡᠭᠵᠢᠭᠦᠯᠪᠡ
 
             蒙ICP备05000248号