ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
《ᠤᠯᠠᠭ᠋ᠠᠨᠬᠠᠳᠠ ᠬᠣᠲᠠ ᠵᠢᠨ ᠳᠡᠭᠳᠡᠮᠡᠯ ᠲᠣᠭᠣᠰᠣ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ》᠎ᠨᠢ ᠬᠣᠲᠠ ᠵᠢᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠤᠨ ᠬᠢᠨᠠᠨ ᠵᠥᠪᠯᠡᠬᠦ᠎ᠳᠤ ᠵᠠᠷᠴᠢᠮ᠎ᠤᠨ ᠲᠠᠯ᠎ᠠ᠎ᠪᠠᠷ ᠪᠠᠲᠤᠯᠠᠭᠳᠠᠪᠠ
ᠨᠡᠶ᠋ᠢᠲᠡᠯᠡᠭᠰᠡᠨ ᠴᠠᠭ᠄ 2019-04-03

      ᠳᠡᠭᠳᠡᠮᠡᠯ ᠲᠣᠭᠣᠰᠣ ᠵᠢᠨ ᠪᠣᠬᠢᠷᠲᠤᠯ᠎ᠤᠨ ᠡᠨᠡ ᠬᠦ᠌ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠨ᠂ ᠠᠭ᠋ᠠᠷ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠬᠠᠮᠠᠭ᠋ᠠᠯᠠᠬᠤ ᠪᠠ ᠰᠠᠢ᠌ᠵᠢᠷᠠᠭᠤᠯᠵᠤ᠂ ᠣᠯᠠᠨ ᠲᠦᠮᠡᠨ᠎ᠤ ᠡᠷᠡᠭᠦᠯ ᠮᠡᠨᠳᠦ ᠵᠢ ᠪᠠᠲᠤᠯᠠᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠦᠷᠭᠦᠯᠵᠢᠯᠡᠬᠦᠢ᠌ᠴᠡ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠨ᠂ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 2019 ᠣᠨ᠎ᠤ 1 ᠳ᠋ᠦ᠍ᠭᠡᠷ ᠰᠠᠷ᠎ᠠ ᠵᠢᠨ   ᠰᠡᠭᠦᠯᠴᠢ᠎ᠪᠠᠷ  《ᠤᠯᠠᠭ᠋ᠠᠨᠬᠠᠳᠠ ᠬᠣᠲᠠ ᠵᠢᠨ   ᠳᠡᠭᠳᠡᠮᠡᠯ ᠲᠣᠭᠣᠰᠣ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠨᠠᠢ᠌ᠷᠠᠭᠤᠯᠤᠨ ᠵᠣᠬᠢᠶᠠᠬᠤ ᠠᠵᠢᠯ ᠵᠶ᠋ᠠᠨ ᠡᠬᠢᠯᠡᠭᠦᠯᠪᠡ᠃ ᠳᠥᠷᠪᠡ ᠤᠳᠠᠭ᠎ᠠ ᠰᠠᠨᠠᠯ ᠬᠤᠷᠢᠶᠠᠨ᠂ ᠭᠤᠷᠪᠠ ᠤᠳᠠᠭ᠎ᠠ ᠶᠠᠷᠢᠯᠴᠠᠭ᠋ᠠᠨ᠎ᠤ ᠬᠤᠷᠠᠯ ᠬᠤᠷᠠᠯᠳᠤᠭᠤᠯᠤᠭᠰᠠᠨ᠎ᠤ ᠬᠠᠮᠲᠤ ᠬᠣᠯᠪᠣᠭᠳᠠᠯ ᠪᠦᠬᠦᠢ ᠰᠠᠨᠠᠯ᠎ᠢ ᠰᠣᠨᠣᠰᠤᠭᠰᠠᠨ᠎ᠤ ᠳᠠᠷᠠᠭ᠎ᠠ᠂ 《ᠳᠦᠷᠢᠮ》 (ᠰᠠᠨᠠᠯ ᠬᠤᠷᠢᠶᠠᠬᠤ ᠡᠬᠡ ᠨᠣᠣᠷᠠᠭ)᠎ᠳᠤ ᠬᠢᠨᠠᠮᠠᠭ᠋ᠠᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ ᠪᠦᠷᠢᠯᠳᠦᠭᠦᠯᠪᠡ᠃ 3 ᠳ᠋ᠤᠭ᠋ᠠᠷ ᠰᠠᠷ᠎ᠠ ᠵᠢᠨ 22᠎ᠤᠨ ᠡᠳᠦᠷ᠂ ᠬᠣᠲᠠ ᠵᠢᠨ ᠳᠠᠷᠤᠭ᠎ᠠ ᠮᠧᠩ ᠰᠢᠶᠠᠨ ᠳ᠋ᠦᠩ 2019 ᠣᠨ᠎ᠤ ᠳᠥᠷᠪᠡᠳᠦᠭᠡᠷ ᠤᠳᠠᠭ᠋ᠠᠨ᠎ᠤ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠤᠯᠠᠭ᠋ᠠᠨᠬᠠᠳᠠ ᠬᠣᠲᠠ ᠵᠢᠨ ᠳᠡᠭᠳᠡᠮᠡᠯ ᠲᠣᠭᠣᠰᠣ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ》᠎ᠢ ᠬᠢᠨᠠᠨ ᠵᠥᠪᠯᠡᠭᠰᠡᠨ᠎ᠤ ᠬᠠᠮᠲᠤ ᠵᠠᠷᠴᠢᠮ᠎ᠤᠨ ᠲᠠᠯ᠎ᠠ᠎ᠪᠠᠷ ᠪᠠᠲᠤᠯᠠᠪᠠ᠃ 《ᠳᠦᠷᠢᠮ》᠎ᠢ ᠬᠤᠷᠠᠯ᠎ᠤᠨ ᠵᠣᠷᠢᠭ ᠰᠠᠨᠠᠭ᠎ᠠ ᠶᠣᠰᠣᠭ᠋ᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ᠎ᠤ ᠳᠠᠷᠠᠭ᠎ᠠ᠂ ᠬᠣᠲᠠ ᠵᠢᠨ ᠵᠠᠰᠠᠭ᠎ᠤᠨ ᠣᠷᠳᠣᠨ᠎ᠠᠴᠠ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠳᠡᠪᠰᠢᠭᠦᠯᠦᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠨ ᠪᠠᠢ᠌ᠴᠠᠭ᠋ᠠᠬᠤ ᠱᠠᠲᠤᠨ᠎ᠳᠤ ᠣᠷᠣᠭᠤᠯᠤᠨ᠎ᠠ᠃
      《ᠳᠦᠷᠢᠮ》᠎ᠢ ᠨᠡᠢ᠌ᠲᠡ ᠵᠢᠷᠭᠤᠭ᠋ᠠᠨ ᠪᠦᠯᠦᠭ ᠲᠠᠪᠢᠨ ᠵᠦᠢ᠍ᠯ᠎ᠳᠤ ᠬᠤᠪᠢᠶᠠᠵᠤ᠂ ᠡᠭᠦᠨ᠎ᠳᠤ ᠶᠡᠷᠦᠩᠬᠡᠢ ᠳᠦᠷᠢᠮ᠂ ᠰᠡᠷᠭᠡᠢ᠌ᠯᠡᠨ ᠵᠠᠰᠠᠬᠤ ᠡᠭᠦᠷᠭᠡ ᠬᠠᠷᠢᠭᠤᠴᠠᠯᠭ᠎ᠠ᠂ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠂ ᠬᠢᠨᠠᠯᠲᠠ ᠬᠠᠮᠢᠶᠠᠷᠤᠯᠲᠠ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠪᠠ ᠳᠠᠭ᠋ᠠᠯᠳᠤᠭᠤᠯᠤᠯ ᠳᠦᠷᠢᠮ ᠵᠡᠷᠭᠡ ᠪᠠᠭᠲᠠᠵᠤ ᠪᠠᠢ᠌ᠨ᠎ᠠ᠃ 《ᠳᠦᠷᠢᠮ》᠎ᠳᠤ ᠳᠡᠭᠳᠡᠮᠡᠯ ᠲᠣᠭᠣᠰᠣ ᠵᠢᠨ ᠪᠣᠬᠢᠷᠲᠤᠯ᠎ᠤᠨ ᠠᠭᠤᠯᠤᠭᠳᠠᠬᠤᠨ᠎ᠢ ᠲᠣᠮᠢᠶᠠᠯᠠᠨ ᠲᠣᠭᠲᠠᠭ᠋ᠠᠵᠤ᠂ ᠬᠡᠷᠡᠭᠯᠡᠭᠳᠡᠬᠦ ᠬᠡᠪᠴᠢᠶ᠎ᠡ ᠵᠢ ᠲᠣᠳᠣᠷᠬᠠᠢ᠌ᠯᠠᠨ᠂ ᠬᠣᠲᠠ ᠰᠢᠶᠠᠨ ᠰᠢᠶᠠᠩ ᠪᠠᠯᠭ᠋ᠠᠰᠤ ᠭᠤᠷᠪᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠠᠮᠢ ᠠᠬᠤᠢ ᠣᠷᠴᠢᠨ ᠲᠣᠭᠣᠷᠢᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠬᠣᠲᠠ ᠵᠢᠨ ᠬᠠᠮᠢᠶᠠᠷᠤᠯᠲᠠ ᠵᠡᠷᠭᠡ 9 ᠰᠠᠯᠠᠭ᠎ᠠ ᠮᠥᠴᠢᠷ ᠵᠢᠴᠢ ᠪᠦᠲᠦᠭᠡᠨ ᠪᠠᠢ᠌ᠭᠤᠯᠤᠯᠲᠠ ᠵᠢᠨ ᠨᠢᠭᠡᠴᠢ᠂ ᠪᠠᠷᠢᠯᠭ᠎ᠠ ᠪᠠᠷᠢᠬᠤ ᠨᠢᠭᠡᠴᠢ᠂ ᠢᠨᠵᠧᠨᠧᠷᠢᠩ᠎ᠤᠨ ᠬᠢᠨᠠᠯᠲᠠ ᠬᠠᠮᠢᠶᠠᠷᠤᠯᠲᠠ ᠵᠢᠨ ᠨᠢᠭᠡᠴᠢ᠂ ᠬᠠᠮᠢᠶ᠎ᠠ ᠪᠦᠬᠦᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠂ ᠡᠷᠡᠭᠦᠯ ᠬᠠᠮᠠᠭ᠋ᠠᠯᠠᠯ᠎ᠢ ᠪᠠᠲᠤᠯᠠᠬᠤ ᠪᠠ ᠬᠣᠲᠠ ᠵᠢᠨ ᠨᠣᠭᠣᠭ᠋ᠠᠷᠠᠭᠤᠯᠤᠯᠲᠠ ᠭᠡᠬᠦ 6 ᠲᠥᠷᠥᠯ ᠵᠦᠢ᠍ᠯ᠎ᠤᠨ ᠨᠢᠭᠡᠴᠢ ᠵᠢᠨ ᠳᠡᠭᠳᠡᠮᠡᠯ ᠲᠣᠭᠣᠰᠣ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠡᠭᠦᠷᠭᠡ ᠬᠠᠷᠢᠭᠤᠴᠠᠯᠭ᠎ᠠ ᠵᠢ ᠲᠣᠭᠲᠠᠭ᠋ᠠᠪᠠ᠃ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ ᠪᠠ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ ᠳᠡᠭᠡᠳᠦ ᠪᠠᠢ᠌ᠷᠢ ᠵᠢᠨ ᠬᠠᠤᠯᠢ᠎ᠲᠠᠢ ᠬᠠᠷᠢᠴᠠᠭᠤᠯᠪᠠᠯ᠂ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠵᠢᠭᠤᠷᠠᠬᠤ᠎ᠪᠠᠷ ᠪᠠᠢ᠌ᠭ᠎ᠠ ᠪᠧᠲ᠋ᠣᠨ ᠪᠠ ᠵᠢᠭᠤᠷᠠᠬᠤ᠎ᠪᠠᠷ ᠪᠠᠢ᠌ᠭ᠎ᠠ ᠡᠯᠡᠰᠦᠨ᠎ᠤ ᠡᠭᠡᠳᠡᠩ᠂ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ᠂ ᠰᠠᠭᠤᠭ᠋ᠠᠯᠢ ᠠᠷᠠᠳ᠎ᠤᠨ ᠣᠷᠣᠨ ᠰᠠᠭᠤᠴᠠ᠎ᠪᠠᠨ ᠴᠢᠮᠡᠭᠯᠡᠨ ᠵᠠᠰᠠᠬᠤ᠂ ᠭᠣᠣᠯᠳᠠᠯᠭ᠎ᠠ᠎ᠲᠠᠢ ᠭᠠᠵᠠᠷ ᠣᠷᠣᠨ᠎ᠤ ᠦᠢ᠍ᠯᠡᠳᠪᠦᠷᠢᠯᠡᠯ ᠠᠮᠢᠳᠤᠷᠠᠯ᠎ᠤᠨ ᠲᠣᠭᠣᠷᠢᠭ᠎ᠤᠨ ᠨᠢᠴᠦᠭᠦᠨ ᠬᠠᠯᠴᠠᠭ᠋ᠠᠢ ᠭᠠᠵᠠᠷ ᠰᠢᠷᠣᠢ ᠭᠡᠬᠦ 5 ᠲᠠᠯ᠎ᠠ ᠵᠢᠨ ᠳᠡᠭᠳᠡᠮᠡᠯ ᠲᠣᠭᠣᠰᠣ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ ᠵᠢᠴᠢ ᠲᠣᠷᠭ᠋ᠠᠬᠤ ᠳᠦᠷᠢᠮ᠎ᠢ ᠨᠡᠮᠡᠵᠦ ᠣᠷᠣᠭᠤᠯᠪᠠ; ᠳᠡᠭᠡᠳᠦ ᠪᠠᠢ᠌ᠷᠢ ᠵᠢᠨ ᠬᠠᠤᠯᠢ ᠵᠢᠨ ᠰᠠᠭᠤᠷᠢᠨ ᠳᠡᠭᠡᠷ᠎ᠡ᠂ ᠪᠠᠷᠢᠯᠭ᠎ᠠ ᠪᠠᠷᠢᠬᠤ᠂ ᠪᠠᠷᠢᠯᠭ᠎ᠠ ᠵᠢ ᠵᠠᠳᠠᠯᠤᠨ ᠨᠤᠷᠠᠭ᠋ᠠᠬᠤ᠂ ᠴᠡᠴᠡᠷᠯᠢᠭ᠎ᠢ ᠨᠣᠭᠣᠭ᠋ᠠᠷᠠᠭᠤᠯᠬᠤ᠂ ᠡᠷᠡᠭᠦᠯ ᠬᠠᠮᠠᠭ᠋ᠠᠯᠠᠯ᠎ᠢ ᠪᠠᠲᠤᠯᠠᠬᠤ ᠭᠡᠬᠦ 4 ᠲᠠᠯ᠎ᠠ ᠵᠢᠨ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠢ ᠨᠠᠷᠢᠯᠢᠭᠵᠢᠭᠤᠯᠪᠠ; ᠪᠠᠷᠢᠯᠭ᠎ᠠ ᠪᠠᠷᠢᠬᠤ᠂ ᠪᠠᠷᠠᠭ᠎ᠠ ᠮᠠᠲ᠋ᠧᠷᠢᠶᠠᠯ ᠲᠡᠭᠡᠭᠡᠪᠦᠷᠢᠯᠡᠬᠦ᠂ ᠲᠤᠬᠠᠢ ᠵᠢᠨ ᠲᠠᠯᠠᠪᠤᠷ᠎ᠲᠤ ᠪᠠᠢ᠌ᠴᠠᠭ᠋ᠠᠯᠲᠠ ᠬᠢᠬᠦ ᠵᠢ ᠲᠡᠪᠴᠢᠭᠰᠡᠨ᠎ᠳᠤ ᠲᠣᠷᠭ᠋ᠠᠭᠤᠯᠢ ᠶᠠᠪᠤᠭᠤᠯᠬᠤ ᠳᠦᠷᠢᠮ᠎ᠢ ᠨᠥᠬᠥᠪᠦᠷᠢᠯᠡᠨ ᠨᠠᠷᠢᠯᠢᠭᠵᠢᠭᠤᠯᠤᠭᠰᠠᠨ᠎ᠠᠴᠠ᠂ ᠰᠡᠷᠭᠡᠢ᠌ᠯᠡᠨ ᠵᠠᠰᠠᠬᠤ ᠲᠥᠷᠥᠯ᠎ᠨᠢ ᠨᠡᠩ ᠪᠦᠷᠢᠨ ᠲᠡᠭᠦᠯᠳᠡᠷ᠂ ᠰᠡᠷᠭᠡᠢ᠌ᠯᠡᠨ ᠵᠠᠰᠠᠬᠤ ᠠᠭᠤᠯᠭ᠎ᠠ᠎ᠨᠢ ᠨᠡᠩ ᠨᠠᠷᠢᠯᠢᠭ᠂ ᠲᠣᠷᠭ᠋ᠠᠭᠤᠯᠢ ᠵᠢᠨ ᠳᠦᠷᠢᠮ᠎ᠨᠢ ᠨᠡᠩ ᠲᠣᠳᠣᠷᠬᠠᠢ ᠪᠣᠯᠵᠠᠢ᠃
      《ᠳᠦᠷᠢᠮ》᠎ᠢ ᠲᠣᠭᠲᠠᠭ᠋ᠠᠭᠰᠠᠨ᠎ᠨᠢ᠂ ᠤᠯᠠᠭ᠋ᠠᠨᠬᠠᠳᠠ ᠬᠣᠲᠠ ᠵᠢᠨ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠬᠡᠯᠪᠡᠷᠢ ᠵᠢ ᠬᠡᠷᠡᠭᠯᠡᠨ ᠳᠡᠭᠳᠡᠮᠡᠯ ᠲᠣᠭᠣᠰᠣ ᠵᠢ ᠰᠡᠷᠭᠡᠢ᠌ᠯᠡᠨ ᠵᠠᠰᠠᠬᠤ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ ᠣᠨᠴᠠᠭ᠋ᠠᠢ᠌ᠯᠠᠨ ᠬᠣᠲᠠ ᠵᠢᠨ PM10 ᠵᠢ ᠤᠯᠤᠰ᠎ᠤᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠬᠣᠶᠠᠳᠤᠭ᠋ᠠᠷ ᠳᠡᠰ᠎ᠤᠨ ᠪᠠᠷᠢᠮᠵᠢᠶ᠎ᠠ᠎ᠳᠤ ᠬᠦᠷᠭᠡᠬᠦ ᠵᠢ ᠠᠯᠢ ᠲᠦᠷᠭᠡᠨ ᠵᠶ᠋ᠡᠷ ᠪᠡᠶᠡᠯᠡᠭᠦᠯᠬᠦ᠎ᠳᠤ᠂ ᠪᠦᠷ ᠴᠢᠬᠤᠯᠠ ᠶᠡᠬᠡ ᠪᠣᠳᠠᠲᠤ ᠠᠴᠢ ᠬᠣᠯᠪᠣᠭᠳᠠᠯ᠎ᠲᠠᠢ ᠪᠠᠢ᠌ᠳᠠᠭ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠠᠴᠠ ᠪᠠᠳᠢ ᠵᠢᠨ ᠵᠢᠷᠠᠨ ᠪᠠᠯᠭ᠋ᠠᠰᠤ ᠵᠢᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠢ ᠬᠤᠪᠢᠶᠠᠷᠢᠯᠠᠨ ᠲᠣᠭᠲᠠᠭ᠋ᠠᠬᠤ ᠠᠵᠢᠯ᠎ᠢ ᠲᠦᠷᠭᠡᠳᠬᠡᠨ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠠᠢ᠌ᠭ᠎ᠠ ᠨᠠᠭᠤᠷ᠎ᠤᠨ ᠤᠰᠤᠨ᠎ᠤ ᠣᠷᠴᠢᠨ ᠲᠣᠭᠣᠷᠢᠨ᠎ᠤ ᠳ᠋ᠠᠢ᠌ᠲ᠋ᠠ ᠵᠢ ᠨᠡᠢ᠌ᠯᠡᠭᠦᠯᠦᠨ ᠨᠢᠭᠡᠳᠬᠡᠵᠦ ᠬᠠᠮᠲᠤ᠎ᠳᠤ᠎ᠪᠠᠨ ᠠᠰᠢᠭᠯᠠᠬᠤ ᠵᠢ ᠢᠳᠡᠪᠬᠢᠲᠡᠢ ᠠᠬᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠬᠥᠯᠥᠨ ᠪᠣᠢ᠌ᠷ᠎ᠤᠨ ᠤᠮᠠᠷᠠᠲᠤ ᠵᠢᠨ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠤ ᠲᠤᠰᠬᠠᠢ ᠵᠦᠢ᠍ᠯ᠎ᠤᠨ ᠬᠢᠨᠠᠯᠲᠠ ᠪᠠᠢ᠌ᠴᠠᠭ᠋ᠠᠯᠲᠠ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠠᠴᠠ ᠲᠦᠩᠯᠢᠶᠣᠣ ᠬᠣᠲᠠ ᠵᠢᠨ ᠬᠤᠤᠯᠢᠨ ᠭᠣᠣᠯ ᠣᠷᠣᠨ᠎ᠤ ᠴᠠᠬᠢᠯᠭ᠋ᠠᠨ ᠵᠠᠳᠠᠯᠤᠯᠲᠠ ᠵᠢᠨ ᠬᠥᠩᠭᠡᠨᠴᠠᠭ᠋ᠠᠨ᠎ᠤ ᠦᠢ᠍ᠯᠡᠰ᠎ᠤᠨ ᠣᠷᠴᠢᠨ ᠲᠣᠭᠣᠷᠢᠨ᠎ᠤ ᠠᠰᠠᠭᠤᠳᠠᠯ ᠵᠶ᠋ᠠᠨ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠤ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠬᠢᠪᠡ
ᠬᠢᠩᠭ᠋ᠠᠨ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠪᠠᠶᠠᠨᠬᠣᠲᠠ ᠪᠠᠯᠭ᠋ᠠᠰᠤ ᠵᠢᠴᠢ ᠡᠷᠭᠢᠨ ᠲᠣᠭᠣᠷᠢᠨ᠎ᠤ ᠣᠷᠣᠨ ᠪᠦᠰᠡ ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠲᠤᠯᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ
 
             蒙ICP备05000248号