ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2024 ᠣᠨ᠎ᠤ 9 ᠳ᠋ᠦ᠍ᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-10-15

      8 ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2024 ᠣᠨ᠎ᠤ 9 ᠳ᠋ᠦ᠍ᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠣᠣ ᠱ᠌ᠢ ᠳ᠋ᠧ ᠨᠥᠬᠥᠷ ᠬᠤᠷᠠᠯ᠎ᠢ ᠡᠷᠭᠢᠯᠡᠪᠡ᠃ ᠬᠤᠷᠠᠯ᠎ᠠᠴᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠨ ᠲᠣᠭᠣᠷᠢᠨ᠎ᠳᠤ᠂ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠪᠡ᠃
      ᠬᠤᠷᠠᠯ᠎ᠠᠴᠠ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠨᠠᠮ᠎ᠤᠨ ᠰᠢᠨ᠎ᠡ ᠡᠭᠦᠳᠦᠯᠲᠡ ᠵᠢᠨ ᠤᠨᠤᠯ᠎ᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠠᠨᠠᠯ》᠎ᠤᠨ ᠱᠠᠭ᠋ᠠᠷᠳᠠᠯᠭ᠎ᠠ᠎ᠲᠠᠢ ᠪᠥᠬᠥ ᠲᠠᠯ᠎ᠠ᠎ᠪᠠᠷ ᠬᠠᠷᠢᠴᠠᠭᠤᠯᠤᠨ᠂ ᠥᠭᠡᠷᠡᠴᠢᠯᠡᠯᠲᠡ ᠵᠢᠨ ᠡᠭᠦᠷᠭᠡ ᠵᠢ ᠨᠠᠢ᠌ᠳᠠᠪᠤᠷᠢᠵᠢᠭᠤᠯᠬᠤ ᠵᠢ ᠲᠠᠪᠤᠨ ᠶᠡᠬᠡ ᠡᠭᠦᠷᠭᠡ ᠵᠢ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠎ᠯᠦᠭᠡ ᠤᠶᠠᠯᠳᠤᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠥᠭᠡᠷᠡᠴᠢᠯᠡᠯᠲᠡ ᠵᠢᠨ ᠡᠭᠦᠷᠭᠡ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠳᠡᠢ ᠭᠡᠵᠦ ᠬᠤᠷᠠᠯ᠎ᠠᠴᠠ ᠱᠠᠭ᠋ᠠᠷᠳᠠᠪᠠ᠃
      ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠪᠠᠢ ᠬᠠᠢ ᠳ᠋ᠦᠩ ᠵᠠᠷᠤᠳ ᠬᠣᠰᠢᠭᠤᠨ᠎ᠳᠤ ᠬᠦᠷᠴᠦ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠤᠬᠠᠭᠤᠯᠭ᠎ᠠ ᠬᠢᠪᠡ
ᠭᠠᠨᠰᠤ ᠮᠤᠵᠢ ᠵᠢᠨ ᠳᠠᠷᠤᠭ᠎ᠠ ᠷᠧᠨ ᠵᠧᠨ ᠾᠧ ᠴᠢ ᠯᠢᠶᠠᠨ ᠱᠠᠨ ᠠᠭᠤᠯᠠᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠵᠦ ᠤᠯᠤᠰ᠎ᠤᠨ ᠪᠠᠷᠠᠭᠤᠨ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠪᠠᠲᠤ ᠴᠣᠭᠴᠠᠯᠠᠬᠤ ᠬᠡᠷᠡᠭᠳᠡᠢ ᠭᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠸᠠᠩ ᠢ ᠯᠢᠩ ᠨᠠᠷ ᠠᠯᠠᠱ᠌ᠠ ᠠᠶ᠋ᠢᠮᠠᠭ᠎ᠲᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠦ ᠠᠵᠢᠯ᠎ᠢ ᠵᠢᠭ᠋ᠠᠨ ᠵᠢᠯᠣᠭᠣᠳᠴᠠᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠬᠣᠶᠠᠳᠤᠭ᠋ᠠᠷ ᠳᠤᠭᠤᠢ᠌ᠯᠠᠩ᠎ᠤᠨ ᠲᠦᠷ ᠴᠠᠭ᠎ᠤᠨ ᠨᠠᠮ᠎ᠤᠨ ᠡᠭᠦᠷ 《ᠤᠳᠤᠷᠢᠳᠤᠭᠴᠢ ᠵᠢᠨ ᠤᠯᠠ ᠮᠥᠷ᠎ᠢ ᠮᠥᠷᠳᠡᠵᠦ ᠠᠮᠢ ᠠᠬᠤᠢ ᠵᠢᠨ ᠬᠠᠮᠠᠭ᠋ᠠᠯᠠᠯᠲᠠ ᠵᠢᠨ ᠡᠭᠦᠷᠭᠡ ᠵᠢ ᠵᠣᠷᠢᠭᠲᠠᠢ᠎ᠪᠠᠷ ᠡᠭᠦᠷᠭᠡᠯᠡᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠷᠪᠠᠳᠤᠭ᠋ᠠᠷ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠲᠦᠷ ᠴᠠᠭ᠎ᠤᠨ ᠨᠠᠮ᠎ᠤᠨ ᠡᠭᠦᠷ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠦᠲᠦᠭᠡᠨ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
             蒙ICP备05000248号