9 ᠰᠠᠷ᠎ᠠ ᠵᠢᠨ 3᠎ᠤ ᠡᠳᠦᠷ᠂ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠪᠠᠢ ᠬᠠᠢ ᠳ᠋ᠦᠩ ᠵᠠᠷᠤᠳ ᠬᠣᠰᠢᠭᠤᠨ᠎ᠳᠤ ᠬᠦᠷᠴᠦ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠤᠬᠠᠭᠤᠯᠭ᠎ᠠ ᠵᠢᠨ ᠠᠵᠢᠯ ᠥᠷᠨᠢᠭᠦᠯᠵᠦ᠂ ᠬᠣᠰᠢᠭᠤᠨ᠎ᠤ ᠨᠠᠮ᠎ᠤᠨ ᠬᠣᠷᠢᠶ᠎ᠠ ᠵᠢᠨ ᠱᠦᠵᠢ ᠱᠣᠣ ᠶᠠᠨ ᠵᠢᠶᠦ᠋ᠨ᠂ ᠬᠣᠰᠢᠭᠤᠨ ᠳᠠᠷᠤᠭ᠎ᠠ ᠪᠠᠲᠤ᠂ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠬᠢᠯᠡᠭᠴᠢ ᠡᠸ᠋ ᠴᠢᠩ ᠬᠠᠢ ᠵᠡᠷᠭᠡ ᠳᠡᠳ᠋ ᠭᠠᠵᠠᠷ᠎ᠤᠨ ᠲᠠᠰ᠎ᠠᠴᠠ ᠳᠡᠭᠡᠭᠰᠢᠬᠢ ᠤᠳᠤᠷᠢᠳᠤᠯᠭ᠎ᠠ ᠬᠤᠷᠠᠯ᠎ᠳᠤ ᠣᠷᠣᠯᠴᠠᠵᠤ᠂ ᠬᠣᠰᠢᠭᠤᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠢᠦᠢ ᠯᠢᠩ ᠬᠤᠤ ᠬᠤᠷᠠᠯ᠎ᠢ ᠡᠷᠭᠢᠯᠡᠪᠡ᠃
ᠮᠡᠳᠡᠭᠦᠯᠦᠯᠲᠡ ᠵᠢᠨ ᠬᠤᠷᠠᠯ ᠳᠡᠭᠡᠷ᠎ᠡ᠂ ᠪᠠᠢ ᠬᠠᠢ ᠳ᠋ᠦᠩ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪ᠎ᠤᠨ ᠲᠣᠭᠣᠷᠢᠨ᠎ᠳᠤ᠂ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ ᠵᠶ᠋ᠠᠷ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠣᠨᠣᠪᠴᠢᠲᠠᠢ ᠣᠢ᠌ᠯᠠᠭ᠋ᠠᠬᠤ᠎ᠪᠠᠷ ᠭᠠᠷᠳᠠᠴᠠ ᠪᠣᠯᠭ᠋ᠠᠨ ᠪᠥᠬᠥ ᠬᠣᠰᠢᠭᠤᠨ᠎ᠤ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠶᠡᠷᠦᠩᠬᠡᠢ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠵᠢ ᠰᠤᠷᠤᠯᠴᠠᠨ ᠣᠢ᠌ᠯᠠᠭ᠋ᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠳᠡᠢ ᠬᠡᠷᠪᠡ᠃
ᠬᠤᠷᠠᠯ᠎ᠠᠴᠠ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠪᠣᠯ ᠲᠡᠦᠬᠡ ᠵᠢᠨ ᠰᠢᠨ᠎ᠡ ᠡᠬᠢᠯᠡᠯᠲᠡ ᠳᠡᠭᠡᠷ᠎ᠡ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠡᠷᠦᠩᠬᠡᠢ ᠳᠠᠢ᠌ᠴᠢᠯᠠᠯᠲᠠ᠂ ᠶᠡᠷᠦᠩᠬᠡᠢ ᠪᠠᠢ᠌ᠷᠢᠯᠠᠭᠤᠯᠤᠯᠲᠠ ᠮᠥᠨ᠃ ᠪᠢᠳᠡ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠤᠨ ᠪᠥᠬᠥᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠭᠦᠨᠵᠡᠭᠡᠢ ᠣᠢ᠌ᠯᠠᠭ᠋ᠠᠵᠤ᠂ ᠥᠭᠡᠷᠡᠴᠢᠯᠡᠯᠲᠡ ᠵᠢ ᠨᠡᠩ ᠲᠣᠪᠣᠢ᠌ᠮ᠎ᠠ ᠪᠠᠶ᠋ᠢᠷᠢᠨ᠎ᠳᠤ ᠲᠠᠯᠪᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠤᠨ᠂ ᠤᠨᠢᠨ ᠳᠡᠭᠡᠷ᠎ᠡ᠎ᠨᠢ ᠬᠦᠴᠦᠯᠡᠵᠦ᠂ ᠬᠠᠷᠰᠢ ᠰᠠᠭ᠋ᠠᠳ᠎ᠢ ᠢᠯᠠᠨ ᠳᠠᠪᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠡᠭᠦᠷᠭᠡ ᠬᠦᠨᠳᠦ᠂ ᠬᠠᠷᠢᠭᠤᠴᠠᠯᠭ᠎ᠠ ᠶᠡᠬᠡ᠂ ᠪᠢᠳᠡ ᠡᠷᠬᠡᠪᠰᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠡᠭᠦᠷᠭᠡ ᠪᠣᠯᠭ᠋ᠠᠵᠤ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠲᠤᠰ ᠪᠡᠶ᠎ᠡ᠎ᠳᠤ ᠲᠤᠯᠭ᠋ᠠᠷᠠᠵᠤ ᠪᠠᠢ᠌ᠭ᠎ᠠ ᠵᠥᠷᠢᠴᠡᠯ ᠪᠣᠯᠣᠨ ᠵᠥᠷᠢᠴᠡᠯ᠎ᠤᠨ ᠭᠣᠣᠯ ᠲᠠᠯ᠎ᠠ ᠵᠢ ᠣᠨᠣᠪᠴᠢᠲᠠᠢ ᠡᠷᠢᠨ ᠣᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠲᠠᠪᠤᠨ ᠶᠡᠬᠡ ᠡᠭᠦᠷᠭᠡ》 ᠵᠢᠨ ᠠᠵᠢᠯ᠎ᠤᠨ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠵᠠᠷᠤᠳ ᠬᠣᠰᠢᠭᠤᠨ᠎ᠤ ᠭᠠᠵᠠᠷ᠎ᠤᠨ ᠲᠠᠰ᠎ᠤᠨ ᠤᠳᠤᠷᠢᠳᠤᠯᠭ᠎ᠠ ᠵᠢᠴᠢ ᠳᠡᠳ᠋ ᠰᠠᠯᠠᠭ᠋ᠠᠨ᠎ᠤ ᠲᠠᠰ᠎ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠲᠣᠰ ᠤᠳᠠᠭ᠋ᠠᠨ᠎ᠤ ᠬᠤᠷᠠᠯ᠎ᠳᠤ ᠣᠷᠣᠯᠴᠠᠵᠠᠢ᠃