ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠷᠪᠠᠳᠤᠭ᠋ᠠᠷ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠲᠦᠷ ᠴᠠᠭ᠎ᠤᠨ ᠨᠠᠮ᠎ᠤᠨ ᠡᠭᠦᠷ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠦᠲᠦᠭᠡᠨ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-11-29

      11 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠭᠤᠷᠪᠠᠳᠤᠭ᠋ᠠᠷ ᠳᠤᠭᠤᠢ᠌ᠯᠠᠩ᠎ᠤᠨ ᠲᠦᠷ ᠴᠠᠭ᠎ᠤᠨ ᠨᠠᠮ᠎ᠤᠨ ᠡᠭᠦᠷ᠎ᠠᠴᠠ ᠪᠥᠬᠥ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ᠂ ᠰᠢᠯᠢᠩᠬᠣᠲᠠ ᠵᠢᠨ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》 ᠪᠦᠯᠬᠦᠮᠳᠡᠨ ᠲᠡᠮᠡᠴᠡᠵᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠲᠤ ᠬᠦᠷᠴᠦ᠂ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠦᠲᠦᠭᠡᠨ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃

      ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠨᠠᠮ᠎ᠤᠨ ᠭᠡᠰᠢᠭᠦᠨ ᠺᠠᠳ᠋ᠷ ᠰᠢᠯᠢᠩᠬᠣᠲᠠ᠎ᠳᠤ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》 ᠪᠦᠯᠬᠦᠮᠳᠡᠨ ᠲᠡᠮᠡᠴᠡᠵᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ᠎ᠳᠤ ᠬᠦᠷᠴᠦ᠂ ᠲᠠᠢ᠌ᠯᠪᠤᠷᠢᠯᠠᠭᠴᠢ ᠵᠢᠨ ᠳᠠᠭ᠋ᠠᠭᠤᠯᠭ᠎ᠠ᠎ᠪᠠᠷ᠂ ᠶᠡᠷᠦᠩᠬᠡᠢ ᠱᠦᠵᠢ ᠰᠢ ᠵᠢᠨ ᠫᠢᠩ᠎ᠤᠨ ᠲᠤᠬᠠᠢ ᠵᠢᠨ ᠵᠢᠯ᠎ᠤᠨ ᠶᠠᠪᠤᠵᠤ ᠥᠩᠭᠡᠷᠡᠭᠰᠡᠨ ᠤᠯᠠ ᠮᠥᠷ᠎ᠢ ᠲᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠮᠠᠯᠴᠢᠨ ᠲᠦᠮᠡᠨ᠎ᠲᠠᠢ ᠬᠠᠮᠲᠤ᠎ᠪᠠᠷ ᠨᠠᠭ᠋ᠠᠳᠤᠮ᠎ᠤᠨ ᠠᠵᠢᠯᠯᠠᠭ᠎ᠠ ᠵᠢ ᠦᠵᠡᠭᠰᠡᠨ ᠪᠠ ᠳᠣᠲᠣᠨᠣ᠎ᠪᠠᠷ ᠶᠠᠷᠢᠯᠴᠠᠭᠰᠠᠨ ᠪᠠᠶ᠋ᠢᠳᠠᠯ᠎ᠢ ᠡᠷᠭᠢᠴᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠺᠠᠳ᠋ᠷᠴᠤᠳ᠎ᠤᠨ 《ᠮᠣᠩᠭᠣᠯ ᠮᠣᠷᠢᠨ᠎ᠤ ᠵᠣᠷᠢᠭ ᠰᠠᠨᠠᠭ᠎ᠠ》 ᠵᠢ ᠪᠠᠳᠠᠷᠠᠭᠤᠯᠬᠤ᠂ ᠡᠬᠡ ᠤᠯᠤᠰ᠎ᠤᠨ ᠬᠢᠯᠢ ᠬᠢᠵᠠᠭ᠋ᠠᠷ᠎ᠢ ᠬᠠᠮᠲᠤᠪᠠᠷ ᠰᠠᠬᠢᠨ ᠬᠠᠮᠠᠭ᠋ᠠᠯᠠᠬᠤ᠂ ᠰᠠᠢ᠍ᠢ᠍ᠨ ᠰᠠᠢ᠌ᠬᠠᠨ ᠠᠮᠢᠳᠤᠷᠠᠯ᠎ᠢ ᠬᠠᠮᠲᠤᠪᠠᠷ ᠴᠣᠭᠴᠠᠯᠠᠬᠤ ᠵᠢ ᠤᠷᠮᠠᠰᠢᠭᠤᠯᠤᠨ ᠵᠣᠷᠢᠭᠵᠢᠭᠤᠯᠤᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠣᠢ᠌ᠯᠠᠭ᠋ᠠᠵᠤ᠂ ᠪᠦᠬᠦ ᠨᠠᠮ᠎ᠤᠨ ᠭᠡᠰᠢᠭᠦᠨ ᠺᠠᠳ᠋ᠷᠴᠤᠳ᠎ᠲᠤ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》 ᠤᠨᠤᠯ᠎ᠤᠨ ᠣᠭᠢ ᠰᠣᠳᠣ ᠪᠣᠯᠣᠨ ᠠᠮᠢᠳᠤᠯᠢᠭ ᠦᠢ᠍ᠯᠡᠳᠦᠯᠭᠡ ᠵᠢ ᠰᠢᠰᠲ᠋ᠧᠮ᠎ᠲᠠᠢ ᠣᠢ᠌ᠯᠠᠭ᠋ᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠨᠢᠳᠦᠨ᠎ᠳᠤ ᠦᠵᠡᠭᠳᠡᠮ᠎ᠡ᠂ ᠭᠠᠷ᠎ᠲᠤ ᠪᠠᠷᠢᠭᠳᠠᠮ᠎ᠠ᠂ ᠰᠡᠳᠬᠢᠯ᠎ᠳᠤ ᠰᠠᠭᠤᠭᠳᠠᠮ᠎ᠠ ᠣᠢ᠌ᠯᠠᠭ᠋ᠠᠭᠤᠯᠵᠠᠢ᠃

      《ᠮᠣᠩᠭᠣᠯ ᠮᠣᠷᠢᠨ᠎ᠤ ᠵᠣᠷᠢᠭ ᠰᠠᠨᠠᠭ᠎ᠠ》 ᠵᠢᠨ ᠤᠬᠠᠭᠤᠯᠭ᠎ᠠ ᠬᠥᠮᠦᠵᠢᠯ᠎ᠤᠨ ᠲᠢᠩᠬᠢᠮ᠎ᠳᠤ᠂ 《ᠤᠬᠠᠭᠤᠯᠤᠨ ᠲᠠᠢ᠌ᠯᠪᠤᠷᠢᠯᠠᠭᠴᠢ ᠵᠢᠨ ᠲᠣᠭ᠋ᠠᠴᠢᠯᠲᠠ + ᠺᠢᠨᠣ᠋ ᠵᠢᠨ ᠲᠣᠭ᠋ᠠᠴᠢᠯᠲᠠ》 ᠵᠢᠨ ᠬᠡᠯᠪᠡᠷᠢ᠎ᠪᠠᠷ 《ᠮᠣᠩᠭᠣᠯ ᠮᠣᠷᠢᠨ᠎ᠤ ᠵᠣᠷᠢᠭ ᠰᠠᠨᠠᠭ᠎ᠠ》 ᠵᠢᠨ ᠢᠷᠡᠯᠲᠡ᠂ ᠠᠭᠤᠯᠬᠤᠨ᠎ᠢ ᠲᠠᠢ᠌ᠯᠪᠤᠷᠢᠯᠠᠵᠤ᠂ 《ᠮᠣᠩᠭᠣᠯ ᠮᠣᠷᠢᠨ᠎ᠤ ᠵᠣᠷᠢᠭ ᠰᠠᠨᠠᠭ᠎ᠠ》 ᠵᠢᠨ ᠨᠡᠢ᠌ᠲᠡᠯᠢᠭ ᠵᠢᠱ᠌ᠢᠶ᠎ᠡ ᠵᠢ ᠰᠤᠷᠤᠯᠴᠠᠨ ᠦᠢ᠍ᠯᠡᠳᠦᠯᠭᠡᠵᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ 《ᠮᠣᠩᠭᠣᠯ ᠮᠣᠷᠢᠨ᠎ᠤ ᠵᠣᠷᠢᠭ ᠰᠠᠨᠠᠭ᠎ᠠ》 ᠵᠢ ᠰᠡᠳᠬᠢᠯ᠎ᠳᠡᠭᠡᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠠᠭᠠᠨ ᠦᠢ᠍ᠯᠡᠳᠦᠯᠭᠡᠵᠢᠭᠦᠯᠬᠦ ᠵᠢ ᠬᠥᠮᠥᠵᠢᠭᠦᠯᠪᠡ᠃ ᠡᠨᠡ ᠬᠤᠭᠤᠴᠠᠭ᠋ᠠᠨ᠎ᠳᠤ᠂ ᠪᠦᠬᠦ ᠨᠠᠮ᠎ᠤᠨ ᠭᠡᠰᠢᠭᠦᠨ ᠺᠠᠳ᠋ᠷ ᠭᠠᠯ ᠤᠯᠠᠭ᠋ᠠᠨ ᠨᠠᠮ᠎ᠤᠨ ᠲᠤᠭ᠎ᠤᠨ ᠡᠮᠦᠨ᠎ᠡ᠂ ᠪᠠᠷᠠᠭᠤᠨ ᠭᠠᠷ᠎ᠤᠨ ᠨᠢᠳᠤᠷᠭ᠎ᠠ᠎ᠪᠠᠨ ᠡᠷᠭᠦᠵᠦ᠂ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠲᠠᠬᠢᠨ ᠰᠠᠨᠠᠭ᠋ᠠᠯᠵᠠᠵᠤ᠂ ᠡᠷᠡᠰ ᠪᠠᠲᠤ ᠲᠠᠩᠭ᠋ᠠᠷᠢᠭ ᠵᠶ᠋ᠠᠷ ᠵᠶ᠋ᠠᠨ ᠨᠠᠮ᠎ᠳᠤ ᠣᠷᠣᠭᠰᠠᠨ ᠤᠭ ᠰᠠᠨᠠᠭ᠎ᠠ᠎ᠪᠠᠨ ᠢᠯᠡᠳᠬᠡᠵᠡᠢ᠃

      ᠲᠤᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠨᠢ ᠪᠦᠬᠦ ᠨᠠᠮ᠎ᠤᠨ ᠭᠡᠰᠢᠭᠦᠨ ᠺᠠᠳ᠋ᠷᠴᠤᠳ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡᠬᠦ ᠠᠵᠢᠯ᠎ᠤᠨ ᠭᠣᠣᠯ ᠱᠤᠭᠤᠮ᠎ᠢ ᠪᠠᠲᠤ ᠡᠵᠡᠮᠰᠢᠬᠦ ᠬᠡᠷᠡᠭᠲᠡᠶ ᠭᠡᠳᠡᠭ᠎ᠢ ᠤᠯᠠᠮ ᠨᠢᠭᠡ ᠠᠯᠬᠤᠮ ᠣᠢ᠌ᠯᠠᠭ᠋ᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠲᠥᠪᠯᠡᠷᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠪᠠᠷ ᠬᠠᠷᠠᠯᠲᠠ ᠪᠣᠯᠭ᠋ᠠᠵᠤ᠂ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠢᠳᠡᠪᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠠᠷᠮᠢ》 ᠵᠢᠨ ᠵᠣᠷᠢᠭ ᠰᠠᠨᠠᠭ᠎ᠠ ᠵᠢ ᠳᠠᠰᠤᠷᠠᠯᠳᠠ ᠦᠭᠡᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠵᠶ᠋ᠡᠷ ᠵᠶ᠋ᠡᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ᠎ᠬᠢᠨ ᠬᠣᠭ ᠨᠣᠪᠰᠢ ᠵᠢ ᠰᠢᠲᠠᠭ᠋ᠠᠵᠤ ᠬᠠᠶᠠᠭᠳᠠᠮᠠᠯ ᠡᠳ᠋᠎ᠢ ᠬᠡᠷᠬᠢᠨ ᠡᠷᠳᠡᠨᠢ ᠪᠣᠯᠭ᠋ᠠᠬᠤ ᠲᠤᠬᠠᠢ ᠨᠢᠭᠤᠴᠠ ᠵᠢ ᠬᠠᠢ᠌ᠨ ᠰᠢᠨᠵᠢᠯᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢ ᠤᠯᠠᠨ ᠨᠠᠢ᠌ᠳᠠ᠎ᠳᠤ ᠴᠢᠯᠦᠭᠡᠲᠡᠢ ᠨᠡᠭᠡᠭᠡᠬᠦ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠤᠯᠠᠭ᠋ᠠᠨᠴᠠᠪ ᠬᠤᠳᠠ᠎ᠳᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠰᠠᠢ᠍ᠢ᠍ᠨ ᠳᠤᠷ᠎ᠠ ᠵᠢᠨ ᠤᠬᠠᠭᠤᠯᠭ᠎ᠠ ᠲᠠᠢ᠌ᠯᠤᠮᠵᠢ ᠬᠢᠪᠡ
ᠰᠣᠷᠢᠯᠲᠠ᠎ᠪᠠᠷ 《ᠪᠠᠢ᠌ᠯᠳᠤᠭ᠋ᠠᠨ》᠎ᠢ ᠠᠬᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ — ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠤᠭᠤᠲᠤ ᠵᠢᠨ ᠬᠤᠪᠢᠶᠠᠷᠢ ᠥᠷᠲᠡᠭᠡ ᠭᠡᠨᠡᠳᠲᠡ ᠵᠢᠨ ᠣᠷᠴᠢᠨ ᠲᠣᠭᠣᠷᠢᠨ᠎ᠤ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠬᠢᠪᠡ
ᠬᠥᠬᠡᠬᠣᠲᠠ ᠬᠢᠭᠡᠳ ᠤᠯᠠᠭ᠋ᠠᠨᠴᠠᠪ ᠬᠣᠲᠠ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠣᠷᠣᠨ ᠪᠦᠰᠡ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ
ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠤᠷᠤᠭᠰᠢᠲᠠᠢ ᠶᠠᠪᠤᠭᠳᠠᠪᠠ
 
             蒙ICP备05000248号