ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠸᠠᠩ ᠢ ᠯᠢᠩ ᠨᠠᠷ ᠮᠠᠨ᠎ᠤ ᠠᠶ᠋ᠢᠮᠠᠭ᠎ᠲᠤ ᠭᠦᠨᠵᠡᠭᠡᠢ᠌ᠷᠡᠵᠦ᠂ ᠪᠠᠷᠢᠯᠭ᠎ᠠ ᠵᠢᠨ ᠬᠣᠭ ᠨᠣᠪᠰᠢ ᠵᠢ ᠰᠢᠢ᠍ᠳᠪᠦᠷᠢᠯᠡᠬᠦ᠂ ᠪᠠᠷᠢᠯᠭ᠎ᠠ ᠵᠢᠨ ᠭᠠᠵᠠᠷ᠎ᠤᠨ 《ᠵᠢᠷᠭᠤᠭ᠋ᠠᠨ ᠵᠠᠭᠤᠨ᠎ᠤ ᠵᠠᠭᠤ》 ᠪᠣᠯᠣᠨ 《ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠬᠦ》 ᠠᠷᠢᠭᠤᠨ ᠴᠡᠪᠡᠷ ᠳᠤᠯᠠᠭ᠋ᠠᠯᠠᠭ᠎ᠠ᠎ᠪᠠᠷ ᠣᠷᠣᠯᠠᠭᠤᠯᠬᠤ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠬᠢᠵᠡᠢ᠃ ᠪᠠᠶᠠᠨᠬᠣᠲᠠ ᠪᠠᠯᠭ᠋ᠠᠰᠤ ᠵᠢᠨ ᠪᠠᠷᠢᠯᠭ᠎ᠠ ᠵᠢᠨ ᠬᠣᠭ ᠨᠣᠪᠰᠢ ᠵᠢ ᠲᠦᠷ ᠬᠠᠳᠠᠭ᠋ᠠᠯᠠᠬᠤ ᠲᠠᠯᠠᠪᠠᠶ᠎ᠳᠤ᠂ ᠠᠯᠠᠱ᠌ᠠ ᠵᠡᠭᠦᠨ ᠬᠣᠰᠢᠭᠤᠨ᠎ᠤ ᠪᠠᠷᠢᠯᠭ᠎ᠠ ᠵᠢᠨ ᠬᠣᠭ ᠨᠣᠪᠰᠢ ᠵᠢᠨ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢᠨ ᠣᠳᠣᠬᠢ ᠪᠠᠶ᠋ᠢᠳᠠᠯ᠂ ᠣᠷᠣᠰᠢᠵᠤ ᠪᠠᠢ᠌ᠭ᠎ᠠ ᠠᠰᠠᠭᠤᠳᠠᠯ᠎ᠢ ᠨᠠᠷᠢᠨ ᠣᠢ᠌ᠯᠠᠭ᠋ᠠᠪᠠ᠃ ᠸᠠᠩ ᠢ ᠯᠢᠩ᠂ ᠭᠤᠷᠪᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠎ᠳᠤ ᠨᠢᠭᠡ ᠪᠦᠯᠦᠭ ᠪᠠᠷᠢᠯᠭ᠎ᠠ ᠵᠢᠨ ᠬᠣᠭ ᠨᠣᠪᠰᠢ ᠵᠢ ᠴᠢᠩᠭ᠎ᠠ ᠬᠢᠨᠠᠨ ᠬᠠᠮᠢᠶᠠᠷᠤᠭᠰᠠᠨ ᠦᠭᠡᠢ᠂ ᠬᠠᠤᠯᠢ ᠲᠣᠭᠲᠠᠭ᠋ᠠᠯ᠎ᠠᠴᠠ ᠵᠥᠷᠢᠴᠡᠨ ᠰᠢᠢ᠍ᠳᠪᠦᠷᠢᠯᠡᠭᠰᠡᠨ ᠵᠡᠷᠭᠡ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠭᠣᠣᠯᠳᠠᠯᠭ᠎ᠠ᠎ᠲᠠᠢ ᠢᠯᠡᠴᠢᠯᠡᠵᠦ᠂ ᠠᠵᠢᠯ ᠳᠦᠷᠦᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠭᠦᠨ ᠵᠶ᠋ᠡᠷ ᠴᠡᠭᠡᠷᠯᠡᠯ ᠪᠣᠯᠭ᠋ᠠᠵᠤ᠂ ᠪᠠᠷᠢᠯᠭ᠎ᠠ ᠵᠢᠨ ᠬᠣᠭ ᠨᠣᠪᠰᠢ ᠵᠢ ᠴᠤᠭᠯᠠᠭᠤᠯᠬᠤ᠂ ᠲᠡᠭᠡᠭᠡᠪᠦᠷᠢᠯᠡᠬᠦ᠂ ᠰᠢᠢ᠍ᠳᠪᠦᠷᠢᠯᠡᠬᠦ ᠵᠡᠷᠭᠡ ᠡᠯ᠎ᠡ ᠭᠣᠭᠴᠣᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠬᠣᠰᠢᠭᠤᠨ᠎ᠤ ᠵᠠᠰᠠᠭ᠎ᠤᠨ ᠣᠷᠳᠣᠨ᠎ᠨᠢ ᠪᠠᠷᠢᠯᠭ᠎ᠠ ᠵᠢᠨ ᠬᠣᠭ ᠨᠣᠪᠰᠢ ᠵᠢ ᠰᠢᠯᠵᠢᠭᠦᠯᠦᠨ ᠲᠡᠭᠡᠭᠡᠪᠦᠷᠢᠯᠡᠬᠦ ᠲᠣᠬᠢᠷᠠᠭᠤᠯᠬᠤ ᠲᠠᠯᠠᠪᠠᠶ᠂ ᠪᠠᠭᠲᠠᠭ᠋ᠠᠨ ᠬᠤᠷᠢᠶᠠᠬᠤ ᠲᠠᠯᠠᠪᠠᠶ ᠪᠠ ᠡᠬᠢ ᠪᠠᠶᠠᠯᠢᠭᠵᠢᠭᠤᠯᠤᠨ ᠰᠢᠢ᠍ᠳᠪᠦᠷᠢᠯᠡᠬᠦ ᠲᠥᠷᠥᠯ ᠵᠦᠢ᠍ᠯ᠎ᠤᠨ ᠲᠥᠯᠦᠪᠵᠢᠭᠦᠯᠭᠡ ᠪᠠ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠬᠠᠮᠢᠶ᠎ᠠ ᠪᠦᠬᠦᠢ ᠲᠠᠰ ᠳᠠᠷᠠᠭ᠋ᠠᠯᠠᠯ ᠪᠠ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠡᠯ᠎ᠡ ᠵᠦᠢ᠍ᠯ᠎ᠤᠨ ᠭᠠᠷᠳᠠᠮ᠎ᠢ ᠲᠡᠭᠦᠯᠳᠡᠷᠵᠢᠭᠦᠯᠵᠦ᠂ ᠪᠠᠷᠢᠯᠭ᠎ᠠ ᠵᠢᠨ ᠬᠣᠭ ᠨᠣᠪᠰᠢ ᠵᠢ ᠶᠡᠷᠦᠩᠬᠡᠢ᠌ᠯᠡᠨ ᠵᠠᠰᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠢᠳᠡᠪᠬᠢᠲᠡᠢ ᠠᠬᠢᠭᠤᠯᠵᠤ᠂ ᠪᠠᠷᠢᠯᠭ᠎ᠠ ᠵᠢᠨ ᠬᠣᠭ ᠨᠣᠪᠰᠢ ᠵᠢᠨ ᠬᠠᠮᠢᠶᠠᠷᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠵᠠᠬᠠᠢ ᠵᠢᠨ ᠤᠰᠤ ᠭᠠᠴᠠᠭ᠎ᠠ᠎ᠳᠤ᠂ 《ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠬᠦ》 ᠠᠷᠢᠭᠤᠨ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠵᠢᠨ ᠳᠦᠷᠦᠯ ᠵᠦᠢ᠍ᠯ᠎ᠤᠨ ᠠᠬᠢᠴᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠦ᠂ ᠲᠠᠷᠢᠶᠠᠴᠢᠨ ᠡᠷᠦᠬᠡ᠎ᠳᠤ ᠭᠦᠨᠵᠡᠭᠡᠢ᠌ᠷᠡᠨ ᠠᠷᠢᠭᠤᠨ ᠴᠡᠪᠡᠷ ᠳᠤᠯᠠᠭ᠋ᠠᠯᠠᠭ᠎ᠠ ᠵᠢᠨ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ᠎ᠢ ᠪᠠᠢ᠌ᠴᠠᠭ᠋ᠠᠨ ᠦᠵᠡᠪᠡ᠃ 《ᠳᠤᠯᠠᠭ᠋ᠠᠯᠠᠭ᠎ᠠ ᠵᠢᠨ ᠲᠥᠬᠦᠭᠡᠷᠦᠮᠵᠢ ᠵᠢ ᠬᠡᠷᠡᠭᠯᠡᠬᠦ᠎ᠳᠤ ᠳᠥᠭᠥᠮ ᠦᠦ?》 《ᠳᠤᠯᠠᠭ᠋ᠠᠨ ᠪᠠᠢ᠍ᠨ᠎ᠠ ᠦᠦ?》 《ᠨᠢᠭᠡ ᠵᠢᠯ᠎ᠤᠨ ᠵᠠᠷᠤᠳᠠᠯ ᠪᠠᠷᠤᠭ ᠬᠡᠳᠦᠢ ᠪᠤᠢ?》 ᠭᠡᠵᠦ ᠬᠦᠷᠦᠭᠰᠡᠨ ᠭᠠᠵᠠᠷ ᠪᠣᠯᠭ᠋ᠠᠨ᠎ᠳᠤ ᠴᠥᠮ ᠲᠣᠰᠬᠤᠨ᠎ᠤ ᠠᠷᠠᠳ᠎ᠲᠠᠢ ᠳᠣᠲᠣᠨᠣ᠎ᠪᠠᠷ ᠶᠠᠷᠢᠯᠴᠠᠵᠤ᠂ ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠭᠰᠡᠨ ᠪᠣᠳᠠᠲᠤ ᠦᠷ᠎ᠡ ᠪᠦᠲᠦᠮᠵᠢ᠂ ᠲᠠᠷᠢᠶᠠᠴᠢᠨ ᠡᠷᠦᠬᠡ ᠵᠢᠨ ᠥᠪᠡᠷ᠎ᠤᠨ ᠬᠢᠨᠢ ᠲᠥᠷᠥᠭᠳᠡᠯ ᠵᠢᠴᠢ ᠣᠷᠣᠰᠢᠵᠤ ᠪᠠᠢ᠌ᠭ᠎ᠠ ᠠᠰᠠᠭᠤᠳᠠᠯ᠎ᠢ ᠨᠠᠷᠢᠨ ᠨᠢᠭᠲᠠ ᠣᠢ᠌ᠯᠠᠭ᠋ᠠᠵᠠᠢ᠃ ᠸᠠᠩ ᠢ ᠯᠢᠩ᠂ 《ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠬᠦ》 ᠠᠷᠢᠭᠤᠨ ᠴᠡᠪᠡᠷ ᠳᠤᠯᠠᠭ᠋ᠠᠯᠠᠭ᠎ᠠ ᠵᠢᠨ ᠢᠨᠵᠧᠨᠧᠷᠢᠩ ᠪᠣᠯ ᠣᠷᠴᠢᠨ ᠲᠣᠭᠣᠷᠢᠨ᠎ᠤ ᠵᠠᠰᠠᠯᠲᠠ ᠵᠢ ᠠᠬᠢᠭᠤᠯᠬᠤ᠂ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠩ ᠴᠤ᠌ ᠤᠯᠠᠨ ᠲᠦᠮᠡᠨ᠎ᠤ ᠠᠷᠢᠭᠤᠨ ᠴᠡᠪᠡᠷ ᠳᠤᠯᠠᠭ᠋ᠠᠯᠠᠭ᠎ᠠ ᠵᠢ ᠪᠡᠶᠡᠯᠡᠭᠦᠯᠬᠦ᠂ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ ᠮᠥᠨ᠃ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ᠎ᠨᠢ ᠲᠦᠭ ᠲᠦᠮᠡᠨ ᠠᠢ᠌ᠯ ᠡᠷᠦᠬᠡ᠎ᠳᠤ ᠬᠣᠯᠪᠣᠭᠳᠠᠬᠤ ᠠᠷᠠᠳ᠎ᠤᠨ ᠰᠡᠳᠬᠢᠯ᠎ᠤᠨ ᠴᠢᠬᠤᠯᠠ ᠶᠡᠬᠡ ᠶᠠᠪᠤᠳᠠᠯ ᠪᠣᠯᠤᠭᠰᠠᠨ᠎ᠤ ᠬᠤᠪᠢ᠎ᠳᠤ᠂ ᠥᠷᠭᠡᠨ ᠤᠯᠠᠨ ᠲᠦᠮᠡᠨ᠎ᠤ ᠳᠡᠭᠡᠳᠦ ᠬᠡᠮᠵᠢᠶᠡᠨ᠎ᠤ ᠠᠩᠬᠠᠷᠤᠯ᠎ᠢ ᠲᠠᠲᠠᠵᠤ᠂ ᠤᠯᠠᠨ ᠲᠦᠮᠡᠨ᠎ᠤ 《ᠪᠠᠴᠢᠮ ᠪᠡᠷᠬᠡ ᠵᠣᠪᠠᠨᠢᠵᠤ ᠬᠦᠰᠡᠵᠦ》 ᠪᠠᠢ᠌ᠭ᠎ᠠ ᠠᠰᠠᠭᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠰᠢᠢ᠍ᠳᠪᠦᠷᠢᠯᠡᠵᠦ᠂ ᠡᠨᠡ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ ᠵᠢᠨ ᠥᠭᠡᠷᠡᠴᠢᠯᠡᠯᠲᠡ᠎ᠳᠤ ᠣᠷᠣᠯᠴᠠᠭᠰᠠᠨ ᠪᠤᠢ ᠪᠦᠬᠦᠢ ᠰᠠᠭᠤᠭ᠋ᠠᠯᠢ ᠡᠷᠦᠬᠡ᠎ᠳᠤ ᠴᠥᠮ ᠪᠣᠬᠢᠷᠲᠤᠯ ᠦᠭᠡᠢ ᠠᠷᠢᠭᠤᠨ ᠴᠡᠪᠡᠷ᠂ ᠳᠤᠯᠠᠭ᠋ᠠᠨ ᠪᠦᠯᠢᠶᠡᠨ ᠪᠥᠭᠡᠳ ᠠᠰᠢᠭ ᠲᠤᠰᠠᠲᠠᠢ ᠳᠤᠯᠠᠭ᠋ᠠᠯᠠᠭ᠎ᠠ ᠵᠢᠨ ᠣᠢ᠌ᠯᠠᠭ᠋ᠠᠯᠲᠠ ᠬᠦᠷᠲᠡᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠵᠦᠩ ᠫᠢᠩ᠎ᠤᠨ ᠨᠢᠭᠡᠳᠦᠭᠡᠷ ᠬᠦᠷᠢᠶᠡᠯᠡᠩ᠎ᠤᠨ ᠪᠠᠷᠢᠯᠭ᠎ᠠ ᠵᠢᠨ ᠠᠵᠢᠯ᠎ᠤᠨ ᠭᠠᠵᠠᠷ᠎ᠲᠤ᠂ ᠲᠤᠰ ᠪᠠᠷᠢᠯᠭ᠎ᠠ ᠵᠢᠨ ᠪᠠᠷᠢᠯᠭ᠎ᠠ ᠵᠢᠨ ᠭᠠᠵᠠᠷ᠎ᠤᠨ 《ᠵᠢᠷᠭᠤᠭ᠋ᠠᠨ ᠵᠠᠭᠤᠨ᠎ᠤ ᠵᠠᠭᠤ》 ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ ᠵᠢᠴᠢ ᠲᠣᠭᠣᠰᠣ ᠵᠢ ᠳᠠᠷᠤᠭᠰᠠᠨ ᠦᠷ᠎ᠡ ᠪᠦᠲᠦᠮᠵᠢ ᠵᠢ ᠲᠤᠬᠠᠢ ᠵᠢᠨ ᠲᠠᠯᠠᠪᠠᠢ᠎ᠳᠤ ᠪᠠᠢ᠌ᠴᠠᠭ᠋ᠠᠨ ᠦᠵᠡᠪᠡ᠃ ᠸᠠᠩ ᠢ ᠯᠢᠩ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠪᠣᠯ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠴᠢᠬᠤᠯᠠ ᠠᠭᠤᠯᠭ᠎ᠠ ᠵᠢᠨ ᠨᠢᠭᠡ ᠪᠣᠯᠣᠨ᠎ᠠ᠂ ᠲᠣᠭᠣᠰᠣ ᠰᠢᠷᠣᠢ ᠵᠢᠨ ᠪᠣᠬᠢᠷᠲᠤᠯ᠎ᠨᠢ ᠪᠠᠶᠠᠨᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠲᠤ ᠨᠡᠯᠢᠶᠡᠳ ᠶᠡᠬᠡ ᠨᠥᠯᠥᠭᠡ᠎ᠲᠠᠢ ᠶᠤᠮ᠂ ᠡᠯ᠎ᠡ ᠪᠠᠷᠢᠯᠭ᠎ᠠ ᠵᠢᠨ ᠭᠠᠵᠠᠷ᠎ᠤᠨ᠎ᠬᠢᠨ ᠨᠡᠢ᠌ᠭᠡᠮ᠎ᠤᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠱᠠᠭ᠋ᠠᠷᠳᠠᠯᠭ᠎ᠠ ᠶᠣᠰᠣᠭ᠋ᠠᠷ ᠡᠯ᠎ᠡ ᠵᠦᠢ᠍ᠯ᠎ᠤᠨ ᠪᠠᠷᠢᠯᠭ᠎ᠠ ᠵᠢᠨ ᠲᠣᠭᠣᠰᠣ ᠰᠢᠷᠣᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ᠎ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠵᠢᠭ᠋ᠠᠪᠤᠷᠢᠯᠠᠪᠠ᠃